ᠬᠠᠶᠢᠷᠤᠪ ᠤᠨ ᠲᠤᠬᠤᠢ ᠲᠣᠭᠤᠷᠢᠭ ᠤᠨ ︽ᠮᠢᠩᠭᠠᠨ ᠰᠤᠷᠭᠠᠭᠤᠯᠢ ᠲᠦᠮᠡᠨ ᠠᠵᠢᠯ ᠤᠨ ᠪᠠᠶᠢᠷᠢ ᠪᠠᠷ ᠠᠵᠢᠯ ᠣᠯᠭᠤᠯᠲᠠ ᠳᠤ ᠬᠦᠴᠦᠨ ᠨᠡᠮᠡᠷᠢᠯᠡᠬᠦ︾ 2024 ᠣᠨ ᠤ ᠵᠠᠭᠤᠨ ᠡᠳᠦᠷ ᠤᠨ ᠮᠢᠩᠭᠠᠨ ᠲᠦᠮᠡᠨ ᠲᠤᠰᠬᠠᠢ ᠠᠵᠢᠯᠲᠠᠨ ᠡᠯᠰᠡᠬᠦ ᠠᠵᠢᠯᠯᠠᠭ᠎ᠠ ᠵᠢᠴᠢ ︽ᠮᠢᠩᠭᠠᠨ ᠰᠤᠷᠭᠠᠭᠤᠯᠢ ᠲᠦᠮᠡᠨ ᠠᠵᠢᠯ ᠤᠨ ᠪᠠᠶᠢᠷᠢ︾᠎ ᠶᠢᠨ ᠰᠤᠷᠭᠠᠭᠤᠯᠢ ᠶᠢᠨ ᠬᠦᠷᠢᠶᠡᠨ ᠤ ᠲᠤᠰᠬᠠᠢ ᠠᠵᠢᠯᠲᠠᠨ ᠡᠯᠰᠡᠬᠦ ᠬᠤᠷᠠᠯ ᠤᠷᠤᠭᠰᠢᠲᠠᠢ  ᠶᠠᠪᠤᠭᠳᠠᠪᠠ
ᠨᠡᠶᠢᠲᠡᠯᠡᠭᠰᠡᠨ ᠴᠠᠭ᠄
2024/6/3
    6 ᠰᠠᠷ᠎ᠠ ᠶᠢᠨ 1᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ︽ᠮᠢᠩᠭᠠᠨ ᠰᠤᠷᠭᠠᠭᠤᠯᠢ ᠲᠦᠮᠡᠨ ᠠᠵᠢᠯ ᠤᠨ ᠪᠠᠶᠢᠷᠢ ᠪᠠᠷ ᠠᠵᠢᠯ ᠣᠯᠭᠤᠯᠲᠠ ᠳᠤ ᠬᠦᠴᠦᠨ ᠨᠡᠮᠡᠷᠢᠯᠡᠬᠦ︾ 2024 ᠣᠨ ᠤ ᠵᠠᠭᠤᠨ ᠡᠳᠦᠷ ᠤᠨ ᠮᠢᠩᠭᠠᠨ ᠲᠦᠮᠡᠨ ᠲᠤᠰᠬᠠᠢ ᠠᠵᠢᠯᠲᠠᠨ ᠡᠯᠰᠡᠬᠦ ᠠᠵᠢᠯᠯᠠᠭ᠎ᠠ ᠵᠢᠴᠢ ︽ᠮᠢᠩᠭᠠᠨ ᠰᠤᠷᠭᠠᠭᠤᠯᠢ ᠲᠦᠮᠡᠨ ᠠᠵᠢᠯ ᠤᠨ ᠪᠠᠶᠢᠷᠢ︾᠎ ᠶᠢᠨ ᠰᠤᠷᠭᠠᠭᠤᠯᠢ ᠶᠢᠨ ᠬᠦᠷᠢᠶᠡᠨ ᠤ ᠲᠤᠰᠬᠠᠢ ᠠᠵᠢᠯᠲᠠᠨ ᠡᠯᠰᠡᠬᠦ ᠬᠤᠷᠠᠯ ᠤᠷᠤᠭᠰᠢᠲᠠᠢ ᠶᠠᠪᠤᠭᠳᠠᠵᠤ᠂ ᠡᠯ᠎ᠡ ᠦᠨᠳᠦᠰᠦᠲᠡᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠠᠵᠢᠯᠴᠢᠨ ᠬᠡᠷᠡᠭᠯᠡᠬᠦ ᠨᠢᠭᠡᠴᠢ ᠳᠤ ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ᠂ ᠬᠤᠶᠠᠷ ᠲᠠᠯ᠎ᠠ ᠶᠢᠨ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠷ ᠵᠣᠯᠭᠠᠭᠤᠯᠬᠤ ᠶᠢ ᠠᠬᠢᠭᠤᠯᠪᠠ᠃
640.png
       ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 52 ᠠᠵᠤ ᠠᠬᠤᠶᠢᠯᠠᠯ ᠲᠠᠯᠠᠪᠠᠶ ᠳᠤ ᠣᠷᠣᠵᠤ ᠠᠵᠢᠯᠲᠠᠨ ᠡᠯᠰᠡᠵᠦ᠂ ᠡᠯ᠎ᠡ ᠲᠥᠷᠥᠯ ᠤᠨ ᠠᠵᠢᠯ ᠤᠨ ᠪᠠᠶᠢᠷᠢ 800 ᠭᠠᠷᠤᠶ ᠬᠠᠩᠭᠠᠵᠤ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠰᠢᠨ᠎ᠡ ᠬᠡᠯᠪᠡᠷᠢ ᠶᠢᠨ ᠠᠵᠤ ᠤᠶᠢᠯᠡᠴᠢᠯᠡᠭᠡ ᠵᠢᠴᠢ ᠤᠯᠠᠮᠵᠢᠯᠠᠯᠲᠤ ᠨᠡᠭᠦᠷᠡᠰᠦ ᠬᠢᠮᠢ ᠶᠢᠨ ᠠᠵᠤ ᠤᠶᠢᠯᠡᠤᠡᠪᠤᠷᠢ᠂ ᠪᠠᠷᠢᠯᠭ᠎ᠠ᠂ ᠪᠠᠷᠠᠭᠠᠨ ᠤ ᠭᠦᠢᠯᠭᠡᠭᠡ᠂ ᠢᠳᠡᠭᠡᠨ ᠤᠮᠳᠠᠭᠠᠨ ᠤ ᠤᠶᠢᠯᠡᠴᠢᠯᠡᠭᠡ ᠵᠡᠷᠭᠡ ᠠᠵᠢᠯ ᠲᠥᠷᠥᠯ ᠳᠤ ᠬᠤᠯᠪᠣᠭᠳᠠᠵᠤ᠂ ᠲᠦᠮᠡ ᠰᠢᠬᠠᠮ ᠠᠵᠢᠯ ᠡᠷᠢᠭᠰᠡᠳ ᠢ ᠲᠠᠯᠠᠪᠠᠶ ᠳᠤ ᠣᠷᠣᠭᠤᠯᠤᠨ ᠤᠷᠢᠵᠤ᠂ ᠠᠩᠬ᠎ᠠ ᠠᠯᠬᠤᠮ 759 ᠬᠥᠮᠦᠨ ᠤᠳᠠᠭ᠎ᠠ ᠠᠵᠢᠯ ᠣᠯᠭᠤᠬᠤ ᠰᠠᠨᠠᠮᠵᠢ ᠲᠠᠢ ᠪᠣᠯᠵᠣ᠂ ᠲᠤᠬᠠᠶ ᠶᠢᠨ ᠲᠠᠯᠠᠪᠠᠶ ᠳᠤ 2000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠰᠦᠯᠵᠢᠶᠡᠨ ᠳᠡᠭᠡᠷᠡᠬᠢ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠰᠦᠯᠵᠢᠶᠡᠨ ᠳᠡᠭᠡᠷᠡᠬᠢ ᠭᠦᠶᠦᠯᠲᠡ ᠶᠢᠨ ᠬᠡᠮᠵᠢᠶ᠎ᠡ 6500 ᠭᠠᠷᠤᠢ ᠬᠥᠮᠦᠨ ᠤᠳᠠᠭ᠎ᠠ ᠳᠤ ᠬᠦᠷᠴᠡᠢ᠃
640 (1).png   
    ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠨᠢ ᠣᠷᠣᠨ ᠪᠦᠰᠡ ᠠᠯᠤᠰᠯᠠᠭᠰᠠᠨ ᠬᠠᠮᠲᠤᠷᠠᠯᠴᠠᠭᠠᠨ ᠤ ᠰᠠᠭᠤᠷᠢᠨ ᠳᠡᠭᠡᠷ᠎ᠡ᠂ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠬᠢᠭᠡᠳ ᠠᠵᠤ ᠠᠬᠤᠶᠢᠯᠠᠯ ᠤᠨ ᠬᠤᠭᠤᠷᠣᠨᠳᠣᠬᠢ ᠠᠵᠢᠯ ᠣᠯᠵᠤ ᠠᠵᠢᠯᠴᠢᠨ ᠬᠡᠷᠡᠭᠯᠡᠬᠦ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢᠨ ᠠᠮᠵᠢᠯᠲᠠ ᠤᠯᠬᠤ ᠨᠣᠷᠮ᠎ᠠ ᠶᠢ ᠳᠡᠭᠡᠭᠰᠢᠯᠡᠭᠦᠯᠵᠦ᠂ ᠬᠠᠶᠢᠷᠤᠪ ᠤᠨ ᠲᠣᠬᠤᠢ ᠲᠣᠭᠤᠷᠢᠭ ᠬᠢᠭᠡᠳ ᠡᠷᠭᠢᠨ ᠲᠣᠭᠤᠷᠢᠨ ᠤ ᠠᠶᠢᠮᠠᠭ ᠬᠤᠲᠠ ᠶᠢᠨ ᠴᠢᠳᠠᠪᠤᠷᠢᠲᠠᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠷᠢᠯᠴᠠᠨ ᠠᠭᠤᠰᠤᠯᠴᠠᠬᠤ ᠮᠠᠶ᠋ᠢᠭ ᠤᠨ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号