ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 123 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪ᠊
ᠨᠡᠶᠢᠲᠡᠯᠡᠭᠰᠡᠨ ᠴᠠᠭ᠄
2024/6/4
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 123 ᠳ᠋ᠤᠭᠠᠷ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ 5 ᠰᠠᠷ᠎ᠠ ᠶᠢᠨ 27᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠱᠠᠨᠳᠦ᠋ᠩ ᠳᠤ ᠰᠢᠨᠵᠢᠯᠡᠨ ᠪᠠᠶᠢᠴᠠᠭᠠᠬᠤ᠂ ᠠᠵᠤ ᠠᠬᠤᠶᠢᠯᠠᠯ ᠪᠠ ᠲᠤᠰᠬᠠᠶ ᠮᠡᠷᠭᠡᠵᠢᠯᠲᠡᠨ ᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠭᠦᠨᠵᠡᠭᠡᠶ ᠵᠠᠳᠠᠯᠪᠠ︔ ᠪᠦᠬᠦ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠪᠠᠶᠢᠳᠠᠯ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠪᠥᠬᠦ ᠲᠤᠭᠤᠷᠢᠭ ᠤᠨ  2024 ᠣᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠵᠡᠷᠭᠡ ᠠᠭᠤᠯᠭ᠎ᠠ ᠶᠢ ᠰᠣᠨᠣᠰᠪᠠ︔ ︽ᠬᠠᠶᠢᠷᠤᠪ ᠤᠨ ᠲᠣᠬᠤᠢ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ ᠶᠢᠨ ︿ᠲᠣᠭᠤᠷᠢᠭ ᠬᠠᠮᠢᠶᠠᠷᠴᠤ ᠰᠤᠷᠭᠠᠭᠤᠯᠢ ᠤᠷᠢᠬᠤ﹀ ᠠᠵᠢᠯ ᠤᠨ ᠬᠡᠷᠡᠭᠵᠢᠭᠦᠯᠬᠦ ᠲᠥᠰᠦᠯ ︵ᠬᠦᠷᠭᠡᠨ ᠬᠢᠨᠠᠭᠤᠯᠬᠤ ᠨᠣᠤᠷᠠᠭ︶︾ ᠵᠡᠷᠭᠡ ᠠᠭᠤᠯᠭ᠎ᠠ ᠶᠢ ᠰᠤᠳᠤᠯᠤᠨ ᠬᠢᠨᠠᠨ ᠵᠥᠪᠯᠡᠪᠡ︔ ᠺᠠᠳ᠋ᠷ ᠠᠵᠢᠯᠲᠠᠨ ᠤ ᠶᠠᠪᠤᠳᠠᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠭᠰᠠᠨ ᠪᠥᠭᠡᠳ ᠬᠠᠶᠢᠷᠤᠪ ᠤᠨ ᠲᠣᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠰᠦᠨ ᠬᠤᠤ᠂ ᠡᠯ᠎ᠡ ᠱᠠᠲᠤᠨ ᠤ ᠤᠳᠤᠷᠢᠳᠬᠤ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠬᠠᠶᠢᠷᠤᠪ ᠤᠨ ᠲᠤᠬᠤᠢ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ︔ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠭᠠᠷᠳᠠᠴᠠ ᠪᠣᠯᠭᠠᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ︔ ᠭᠤᠷᠪᠠᠳᠤᠭᠠᠷ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠪᠠᠷ ᠭᠠᠷᠳᠠᠴᠠ ᠪᠣᠯᠭᠠᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ ᠬᠡᠯᠡᠪᠡ᠃    ᠰᠦᠨ ᠬᠤᠤ᠂ ᠨᠠᠮ ᠤᠨ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠨᠡᠩ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠨᠡᠩ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠢ ᠭᠡᠵᠠᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠦᠷᠭᠦᠯᠵᠢᠯᠡᠨ ᠴᠢᠩᠭᠠᠳᠬᠠᠵᠤ᠂ ᠰᠤᠷᠭᠠᠨ ᠬᠥᠮᠦᠵᠢᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠯᠠᠭᠤᠴᠤᠳ ᠪᠠᠭᠠᠴᠤᠳ ᠢ ᠬᠦᠳᠦᠯᠦᠨ ᠵᠢᠯᠣᠭᠤᠳᠴᠤ ᠪᠠᠶᠢᠭᠠᠳ ᠬᠥᠮᠦᠨ ᠤ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠬᠤᠯᠪᠣᠬᠤ ᠬᠡᠷᠡᠭᠲᠡᠢ︔ ᠡᠯ᠎ᠡ ᠱᠠᠲᠤᠨ ᠤ ᠤᠳᠤᠷᠢᠳᠬᠤ ᠺᠠᠳ᠋ᠷ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢ ᠴᠢᠬᠤᠯᠠᠴᠢᠯᠠᠬᠤ ᠦᠭᠡᠢ᠂ ᠠᠵᠢᠯ ᠢᠶᠠᠨ ︽ᠤᠳᠠᠭᠠᠨ ᠪᠦᠳᠦᠭᠦᠯᠢᠭ︾᠂ ᠰᠢᠨ᠎ᠡ ᠶᠢ ᠡᠭᠦᠳᠬᠦ ᠪᠠᠷ ᠳᠤᠲᠠᠮᠠᠭ ᠵᠡᠷᠭᠡ ᠠᠰᠠᠭᠤᠳᠠᠯ ᠢ ᠲᠡᠪᠴᠢᠵᠦ᠂ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠵᠣᠭᠰᠣᠬᠤ ᠦᠭᠡᠢ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠲᠠᠰᠤᠷᠠᠯᠲᠠ ᠦᠭᠡᠢ ᠠᠬᠢᠭᠤᠯᠵᠤ᠂ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠵᠦ᠂ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号