ᠠᠷᠠᠳ ᠤᠨ ᠴᠡᠴᠡᠷᠯᠢᠭ ᠲᠤ ︽ᠵᠠᠯᠠᠭᠤᠴᠤᠳ ᠪᠠᠭᠠᠴᠤᠳ ᠤᠨ ᠲᠠᠮᠠᠬᠢᠨ ᠤ ᠬᠤᠤᠷ ᠬᠥᠨᠥᠭᠡᠯ ᠠᠴᠠ ᠬᠡᠯᠲᠦᠷᠢᠭᠦᠯᠬᠦ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠷᠠᠨ ᠡᠷᠭᠢᠯᠡᠪᠡ
ᠨᠡᠶᠢᠲᠡᠯᠡᠭᠰᠡᠨ ᠴᠠᠭ᠄
2024/6/4
    2024 ᠣᠨ ᠤ 5 ᠰᠠᠷ᠎ᠠ ᠶᠢᠨ 31᠎ ᠤ ᠡᠳᠦᠷ ᠪᠣᠯ 37 ᠳ᠋ᠤᠭᠠᠷ ᠳᠡᠯᠡᠬᠡᠶ ᠶᠢᠨ ᠲᠠᠮᠠᠬᠢ ᠲᠠᠲᠠᠬᠤ ᠥᠬᠡᠶ ᠡᠳᠦᠷ ᠪᠣᠯᠤᠨ᠎ᠠ᠃ ᠦᠬᠠᠶ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠢᠯᠣᠭᠤᠳᠬᠤ ᠲᠥᠪ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠶᠢᠷᠤᠪ ᠤᠨ ᠲᠣᠬᠤᠢ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠢᠯᠣᠭᠤᠳᠬᠤ ᠲᠥᠪ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠶᠢᠷᠤᠪ ᠤᠨ ᠲᠣᠬᠤᠢ ᠲᠣᠭᠤᠷᠢᠭ ᠤᠨ ᠬᠤᠷᠢᠶ᠎ᠠ᠂ ᠦᠬᠠᠶ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠪᠣᠯᠤᠨ ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠨᠢ ᠠᠷᠠᠳ ᠤᠨ ᠴᠡᠴᠡᠷᠯᠢᠭ ᠲᠤ ︽ᠵᠠᠯᠠᠭᠤᠴᠤᠳ ᠪᠠᠭᠠᠴᠤᠳ ᠤᠨ ᠲᠠᠮᠠᠬᠢᠨ ᠤ ᠬᠤᠤᠷ ᠬᠥᠨᠥᠭᠡᠯ ᠠᠴᠠ ᠬᠡᠯᠲᠦᠷᠢᠭᠦᠯᠬᠦ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠷᠠᠨ ᠡᠷᠭᠢᠯᠡᠪᠡ᠃
640.jpg   
    ᠠᠵᠢᠯᠯᠠᠭ᠎ᠠ ᠶᠢᠨ ᠲᠠᠯ᠎ᠠ ᠪᠠᠷ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠤᠬᠠᠶ ᠶᠢᠨ ᠲᠠᠯᠠᠪᠤᠷ ᠲᠤ ᠬᠦᠷᠴᠦ ᠲᠠᠮᠠᠬᠢ ᠲᠠᠲᠠᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠭᠰᠠᠨ ᠣᠯᠠᠨ ᠲᠦᠮᠡᠨ ᠳᠤ ᠰᠦᠢᠳᠬᠡᠯ ᠬᠤᠷᠢᠶᠠᠬᠤ ᠥᠬᠡᠶ ᠪᠠᠷ ᠠᠯᠪᠠᠨ ᠵᠢᠷᠤᠮ ᠤᠨ ᠡᠮᠴᠢᠯᠡᠭᠡ ᠬᠢᠵᠦ᠂ ᠲᠠᠮᠠᠬᠢ ᠵᠣᠭᠰᠣᠭᠠᠬᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠶᠢᠨ ᠬᠠᠮᠲᠤ ᠲᠠᠮᠠᠬᠢ ᠵᠣᠭᠰᠣᠭᠠᠬᠤ ᠤᠬᠠᠭᠤᠯᠭ᠎ᠠ ᠶᠢᠨ ᠯᠠᠪᠯᠠᠭ᠎ᠠ ᠶᠢᠨ ᠲᠠᠪᠴᠠᠩ ᠭᠠᠷᠭᠠᠵᠤ᠂ ᠬᠠᠯᠠᠭᠤᠨ ᠰᠡᠳᠬᠢᠯ ᠲᠠᠢ ᠦᠢᠯᠡᠴᠢᠯᠡᠭᠡ ᠪᠠ ᠬᠦᠯᠢᠴᠡᠩᠭᠦᠶ ᠲᠠᠶᠢᠯᠪᠤᠷᠢᠯᠠᠯᠲᠠ ᠨᠢ ᠶᠡᠭᠡ ᠬᠡᠮᠵᠢᠶᠡᠨ ᠤ ᠨᠠᠰᠢ ᠴᠠᠰᠢ ᠶᠠᠪᠤᠵᠤ ᠪᠠᠶᠢᠭ᠎ᠠ ᠬᠤᠲᠠ ᠶᠢᠨ ᠠᠷᠠᠳ ᠤᠨ ᠠᠩᠬᠠᠷᠤᠯ ᠢ ᠲᠠᠲᠠᠪᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠲᠠᠶᠢᠯᠪᠤᠷᠢᠯᠠᠬᠤ ᠪᠠᠷ ᠳᠠᠮᠵᠢᠨ᠂ ᠲᠠᠮᠠᠬᠢ ᠲᠠᠲᠠᠬᠤ ᠬᠤᠤᠷ ᠬᠥᠨᠥᠭᠡᠯ ᠢ ᠣᠶᠢᠯᠠᠭᠠᠭᠰᠠᠨ ᠤ ᠳᠠᠷᠠᠭ᠎ᠠ ᠂ ᠣᠯᠠᠨ ᠢᠶᠠᠷ ᠢᠶᠠᠨ ᠲᠠᠮᠠᠬᠢ ᠵᠣᠭᠰᠣᠭᠠᠬᠤ ᠮᠡᠳᠡᠯᠭᠡ ᠶᠢᠨ ᠭᠠᠷ ᠳᠡᠪᠲᠡᠷ ᠢ ᠬᠦᠯᠢᠶᠡᠨ ᠠᠪᠴᠤ᠂ ᠰᠠᠶᠢᠨ ᠳᠤᠷ᠎ᠠ ᠶᠢᠨ ᠦᠢᠯᠡᠴᠢᠯᠡᠭᠴᠢ ᠠᠴᠠ ᠲᠠᠮᠠᠬᠢ ᠵᠣᠭᠰᠣᠭᠠᠬᠤ ᠮᠡᠳᠡᠯᠭᠡ ᠶᠢ ᠤᠯᠠᠮ ᠨᠢᠭᠡ ᠠᠯᠬᠤᠮ ᠠᠰᠠᠭᠤᠨ ᠯᠠᠪᠯᠠᠵᠤ᠂ ᠲᠠᠮᠠᠬᠢ ᠴᠠᠭᠠᠵᠠᠯᠠᠬᠤ ᠮᠡᠳᠡᠯᠭᠡ ᠶᠢᠨ ᠦᠵᠡᠭᠦᠯᠭᠡ ᠶᠢᠨ ᠰᠠᠮᠪᠠᠷ᠎ᠠ ᠶᠢ ᠬᠠᠮᠲᠤ ᠪᠠᠷ ᠰᠣᠨᠢᠷᠬᠠᠪᠠ᠃ ᠲᠤᠬᠠᠶ ᠶᠢᠨ ᠲᠠᠯᠠᠪᠤᠷ ᠤᠨ ᠰᠠᠶᠢᠨ ᠳᠤᠷᠠᠴᠤᠳ ᠪᠠᠰᠠ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠭᠰᠠᠨ ᠬᠤᠲᠠ ᠶᠢᠨ ᠠᠷᠠᠳ ᠲᠤ ᠤᠬᠠᠭᠤᠯᠭ᠎ᠠ ᠶᠢᠨ ᠳᠤᠷᠠᠰᠬᠠᠯ ᠤᠨ ᠪᠣᠳᠠᠰ ᠬᠦᠷᠭᠡᠪᠡ᠃
640 (1).jpg   
    ᠤᠶᠢᠷ᠎ᠠ ᠶᠢᠨ ᠵᠢᠯ ᠳᠤ᠂ ᠵᠠᠯᠠᠭᠤᠴᠤᠳ ᠪᠠᠭᠠᠴᠤᠳ ᠤᠨ ᠲᠠᠮᠠᠬᠢ ᠲᠠᠲᠠᠬᠤ ᠠᠰᠠᠭᠤᠳᠠᠯ ᠨᠢ ᠬᠥᠮᠦᠰ ᠤᠨ ᠠᠩᠬᠠᠷᠤᠯ ᠢ ᠡᠳᠦᠷ ᠢᠷᠡᠬᠦᠶ᠎ᠡ ᠲᠠᠲᠠᠵᠤ᠂ ᠲᠠᠮᠠᠬᠢ ᠲᠠᠲᠠᠬᠤ ᠨᠢ ᠨᠠᠰᠤ ᠠᠬᠢᠭᠰᠠᠨ ᠵᠠᠯᠠᠭᠤᠴᠤᠳ ᠪᠠᠭᠠᠴᠤᠳ ᠠᠭᠠᠵᠢᠮ ᠢᠶᠠᠷ ᠣᠮᠲᠣᠭᠠᠢᠯᠠᠵᠤ ᠪᠣᠯᠬᠤ ᠦᠭᠡᠢ ᠡᠷᠡᠭᠦᠯ ᠮᠡᠨᠳᠦ ᠶᠢᠨ ᠥᠷᠢᠰᠦᠯᠳᠦᠭᠡᠨ ᠪᠣᠯᠵᠠᠢ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠶᠡᠭᠡ ᠬᠡᠮᠵᠢᠶᠡᠨ ᠤ ᠬᠤᠲᠠ ᠶᠢᠨ ᠠᠷᠠᠳ ᠤᠨ ᠠᠩᠬᠠᠷᠤᠯ ᠢ ᠲᠠᠲᠠᠵᠤ᠂ ᠠᠵᠢᠯᠯᠠᠭ᠎ᠠ ᠳᠤ ᠠᠵᠢᠯᠲᠠᠳ ᠲᠠᠮᠠᠬᠢ ᠲᠠᠳᠠᠭᠰᠠᠳ ᠤᠨ ᠪᠡᠶ᠎ᠡ ᠮᠠᠬᠠᠪᠣᠳ ᠲᠤ ᠤᠴᠠᠷᠠᠭᠤᠯᠤᠭᠰᠠᠨ ᠬᠤᠤᠷ ᠬᠥᠨᠥᠭᠡᠯ ᠢ ᠢᠳᠡᠪᠬᠢᠲᠡᠶ ᠤᠬᠠᠭᠤᠯᠵᠤ᠂ ᠬᠤᠲᠠ ᠶᠢᠨ ᠠᠷᠠᠳ ᠲᠤ ᠵᠠᠯᠠᠭᠤᠴᠤᠳ ᠪᠠᠭᠠᠴᠤᠳ ᠤᠨ ᠲᠠᠮᠠᠬᠢ ᠲᠠᠲᠠᠬᠤ ᠠᠰᠠᠭᠤᠳᠠᠯ ᠢ ᠴᠢᠬᠤᠯᠠᠴᠢᠯᠠᠵᠤ᠂ ᠲᠠᠮᠠᠬᠢ ᠲᠠᠲᠠᠬᠤ ᠵᠠᠯᠠᠭᠤᠴᠤᠳ ᠪᠠᠭᠠᠴᠤᠳ ᠤᠨ ᠡᠮᠦᠨ᠎ᠡ ᠲᠣᠬᠢᠷᠠᠮᠵᠢᠲᠠᠶ ᠰᠠᠨᠠᠭᠤᠯᠭ᠎ᠠ ᠪᠠ ᠵᠢᠯᠣᠭᠤᠳᠣᠯᠭ᠎ᠠ ᠥᠭᠬᠦ ᠬᠡᠷᠡᠭᠲᠡᠶ ᠭᠡᠵᠦ ᠬᠦᠯᠢᠴᠡᠩᠭᠦᠶ ᠪᠠᠷ ᠰᠠᠨᠠᠭᠤᠯᠪᠠ᠃ ᠠᠵᠢᠯᠯᠠᠭ᠎ᠠ ᠶᠢᠨ ᠠᠵᠢᠯᠲᠠᠳ ᠬᠤᠲᠠ ᠶᠢᠨ ᠠᠷᠠᠳ ᠲᠠᠢ ᠦᠢᠯᠡᠳᠦᠯᠴᠡᠬᠦ ᠪᠠᠷ ᠳᠠᠮᠵᠢᠭᠤᠯᠤᠨ᠂ ᠲᠠᠮᠠᠬᠢ ᠲᠠᠲᠠᠬᠤ ᠬᠤᠤᠷ ᠬᠥᠨᠥᠭᠡᠯ ᠤᠨ ᠮᠡᠳᠡᠯᠭᠡ ᠪᠠ ᠰᠢᠨᠵᠢᠯᠡᠬᠦ ᠤᠬᠠᠭᠠᠨᠴᠢ ᠪᠠᠷ ᠲᠠᠮᠠᠬᠢ ᠵᠣᠭᠰᠣᠭᠠᠬᠤ ᠠᠷᠭ᠎ᠠ ᠶᠢᠨ ᠲᠠᠷᠬᠠᠯᠲᠠ ᠶᠢ ᠪᠦᠲᠦᠮᠵᠢᠲᠡᠶ ᠠᠬᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠪᠤᠯᠪᠠᠰᠤᠨ ᠲᠠᠮᠠᠬᠢ ᠲᠠᠲᠠᠬᠤ ᠪᠠᠨ ᠵᠣᠭᠰᠣᠬᠤ ᠠᠵᠢᠯ ᠳᠤ ᠬᠤᠪᠢ ᠨᠡᠮᠡᠷᠢ ᠦᠵᠡᠭᠦᠯᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号