ᠥᠰᠦᠭ ᠢᠶᠠᠷ ᠦᠬᠦᠯᠡᠬᠦᠢ᠄ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠨᠢ ᠬᠢᠯᠢ ᠪᠠᠷ ᠣᠷᠣᠵᠤ ᠢᠷᠡᠬᠦ ᠵᠢᠭᠤᠯᠴᠢᠯᠠᠯ ᠤᠨ ᠬᠦᠴᠦᠲᠡᠢ ᠰᠡᠷᠭᠦᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/6/4
    5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ᠂ ᠮᠠᠨ ᠤ ᠤᠯᠤᠰ ᠭᠠᠳᠠᠭᠠᠳᠤ ᠶᠢᠨ ᠵᠢᠭᠤᠯᠴᠢᠯᠠᠯ ᠤᠨ ᠪᠦᠯᠬᠦᠮ ᠤᠨ ᠬᠥᠯᠭᠡ ᠣᠩᠭᠤᠴᠠ ᠪᠠᠷ ᠬᠢᠯᠢ ᠣᠷᠣᠬᠤ ᠳᠤ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠬᠥᠯᠭᠡ ᠣᠩᠭᠤᠴᠠ ᠪᠠᠷ ᠳᠤᠮᠳᠠᠳᠤ ᠤᠯᠤᠰ ᠲᠤ ᠢᠷᠡᠵᠦ᠂ ᠬᠢᠯᠢ ᠶᠢᠨ ᠳᠣᠲᠣᠷᠠᠬᠢ ᠵᠢᠭᠤᠯᠴᠢᠯᠠᠯ ᠤᠨ ᠭᠠᠵᠠᠷ ᠵᠣᠬᠢᠶᠠᠨ ᠪᠠᠶᠢᠭᠤᠯᠵᠤ ᠬᠦᠯᠢᠶᠡᠨ ᠠᠪᠤᠭᠰᠠᠨ ᠭᠠᠳᠠᠭᠠᠳᠤ ᠶᠢᠨ ᠵᠢᠭᠤᠯᠴᠢᠯᠠᠯ ᠤᠨ ᠪᠦᠯᠬᠦᠮ ︵2 ᠬᠥᠮᠥᠨ ᠵᠢᠴᠢ ᠲᠡᠭᠦᠨ ᠠᠴᠠ ᠳᠡᠭᠡᠭᠰᠢ︶ ᠨᠢ ᠲᠢᠶᠠᠨᠵᠢᠨ᠂ ᠳ᠋ᠠᠯᠢᠶᠠᠨ᠂ ᠱᠠᠩᠬᠠᠢ᠂ ᠴᠢᠩᠳᠣᠣ ᠵᠡᠷᠭᠡ 13 ᠬᠤᠳᠠ ᠶᠢᠨ ᠬᠥᠯᠭᠡ ᠣᠩᠭᠤᠴᠠᠨ ᠤ ᠪᠣᠭᠤᠮᠲᠠ ᠪᠠᠷ ᠸᠢᠰᠠ ᠬᠡᠷᠡᠭᠰᠡᠬᠦ ᠦᠭᠡᠢ ᠪᠠᠷ ᠪᠦᠬᠦᠯᠢ ᠪᠦᠯᠬᠦᠮ ᠢᠶᠠᠷ ᠢᠶᠠᠨ ᠬᠢᠯᠢ ᠳᠤ ᠣᠷᠣᠵᠤ ᠪᠣᠯᠣᠨ᠎ᠠ᠂ ᠳᠤᠮᠳᠠᠳᠤ ᠤᠯᠤᠰ ᠤᠨ ᠬᠢᠯᠢ ᠳᠣᠲᠣᠷ᠎ᠠ 15 ᠡᠳᠦᠷ ᠠᠴᠠ ᠢᠯᠡᠭᠦᠦ ᠰᠠᠭᠠᠲᠠᠵᠤ ᠪᠣᠯᠬᠤ ᠦᠭᠡᠢ᠃    ᠪᠥᠬᠦ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢᠨ ᠬᠦᠴᠦᠨ ᠮᠡᠬᠦᠰᠳᠡᠵᠦ᠂ ᠲᠣᠭᠲᠠᠭᠤᠨ ᠪᠤᠰᠤ ᠴᠢᠨᠠᠷ ᠲᠣᠭᠲᠠᠭᠠᠯᠲᠤ ᠪᠤᠰᠤ ᠴᠢᠨᠠᠷ ᠳᠡᠭᠡᠭᠰᠢᠯᠡᠵᠦ ᠪᠠᠶᠢᠭ᠎ᠠ ᠠᠬᠤᠢ ᠪᠠᠶᠢᠳᠠᠯ ᠤᠨ ᠳᠣᠣᠷ᠎ᠠ᠂ ᠮᠠᠨ ᠤ ᠤᠯᠤᠰ ᠭᠠᠳᠠᠭᠠᠳᠤ ᠶᠢᠨ ᠵᠢᠭᠤᠯᠴᠢᠯᠠᠯ ᠤᠨ ᠪᠦᠯᠬᠦᠮ ᠤᠨ ᠬᠥᠯᠭᠡ ᠣᠩᠭᠤᠴᠠ ᠪᠠᠷ ᠬᠢᠯᠢ ᠳᠤ ᠣᠷᠣᠬᠤ ᠳᠤ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠡᠭᠡᠭᠡᠯᠲᠡ ᠬᠢᠬᠦ᠂ ᠬᠠᠮᠲᠤᠷᠠᠯᠴᠠᠬᠤ᠂ ᠬᠠᠮᠲᠤ ᠪᠠᠷ ᠠᠰᠢᠭ ᠭᠥᠷᠳᠡᠬᠦ ᠢᠳᠡᠪᠬᠢᠲᠡᠢ ᠳᠣᠬᠢᠶ᠎ᠠ ᠶᠢ ᠳᠠᠮᠵᠢᠭᠤᠯᠵᠤ ᠪᠠᠶᠢᠨ᠎ᠠ᠃ ᠸᠢᠰᠠ ᠠᠴᠠ ᠬᠡᠯᠲᠦᠷᠢᠭᠦᠯᠬᠦ ᠭᠡᠳᠡᠭ ᠨᠢ ᠦᠵᠡᠬᠦ ᠳᠤ ᠵᠦᠪᠬᠡᠨ ᠵᠠᠰᠠᠭ ᠵᠠᠬᠢᠷᠭᠠᠨ ᠤ ᠭᠠᠷ ᠭᠦᠢᠴᠡᠳᠬᠡᠯ ᠢ ᠳᠥᠭᠦᠮᠴᠢᠯᠡᠭᠰᠡᠨ ᠰᠢᠭ᠂ ︽ᠪᠠᠭ᠎ᠠ ᠭᠠᠷᠳᠠᠴᠠ︾ ᠪᠣᠯᠬᠤ ᠪᠣᠯᠪᠠᠴᠤ ︽ᠶᠡᠭᠡ ᠡᠨᠧᠷᠭᠢ︾ ᠠᠭᠤᠯᠤᠭᠳᠠᠵᠤ ᠪᠠᠶᠢᠳᠠᠭ᠃ ᠲᠡᠷᠡ ᠨᠢ ᠮᠠᠨ ᠤ ᠤᠯᠤᠰ ᠤᠨ ᠬᠥᠯᠭᠡ ᠣᠩᠭᠤᠴᠠᠨ ᠤ ᠠᠵᠤ ᠠᠬᠤᠢ ᠪᠠ ᠬᠥᠯᠭᠡ ᠣᠩᠭᠤᠴᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠠᠰᠢᠭᠲᠠᠢ ᠮᠥᠷᠲᠡᠭᠡᠨ ᠪᠠᠰᠠ ᠳᠤᠮᠳᠠᠳᠤ ᠭᠠᠳᠠᠭᠠᠳᠤ ᠶᠢᠨ ᠬᠥᠮᠥᠰ ᠤᠨ ᠰᠣᠯᠢᠯᠴᠠᠭ᠎ᠠ ᠶᠠᠪᠤᠯᠴᠠᠭ᠎ᠠ ᠶᠢ ᠠᠬᠢᠭᠤᠯᠵᠤ᠂ ᠨᠡᠩ ᠤᠯᠠᠨ ᠬᠥᠭᠵᠢᠯᠲᠡ ᠶᠢᠨ ᠠᠵᠠ ᠲᠣᠬᠢᠶᠠᠯ ᠢ ᠡᠭᠦᠳᠬᠦ ᠳᠤ ᠠᠰᠢᠭᠲᠠᠢ ᠶᠤᠮ᠃    ᠬᠥᠯᠭᠡ ᠣᠩᠭᠤᠴᠠᠨ ᠤ ᠵᠢᠭᠤᠯᠴᠢᠯᠠᠯ ᠨᠢ ︽ᠳᠠᠯᠠᠢ ᠳᠡᠭᠡᠷᠡᠬᠢ ᠰᠢᠵᠢᠷ ᠠᠯᠲᠠᠨ ᠠᠵᠤ ᠦᠢᠯᠡᠰ︾ ᠬᠡᠮᠡᠭᠳᠡᠵᠦ᠂ ᠬᠤᠨᠤᠭ ᠪᠠᠭᠤᠳᠠᠯ᠂ ᠬᠤᠭᠤᠯᠠ ᠤᠮᠳᠠ᠂ ᠪᠠᠷᠠᠭ᠎ᠠ ᠬᠤᠳᠠᠯᠳᠤᠨ ᠠᠪᠬᠤ ᠵᠡᠷᠭᠡ ᠬᠡᠷᠡᠭᠯᠡᠭᠡᠨ ᠤ ᠬᠡᠷᠡᠭᠴᠡᠭᠡ ᠵᠢᠴᠢ ᠭᠠᠷᠠᠮ ᠤᠨ ᠦᠢᠯᠡᠴᠢᠯᠡᠭᠡ᠂ ᠣᠩᠭᠤᠴᠠ ᠰᠠᠯ ᠤᠨ ᠰᠡᠯᠪᠢᠨ ᠵᠠᠰᠠᠯᠲᠠ ᠵᠡᠷᠭᠡ ᠠᠵᠤ ᠦᠢᠯᠡᠰ ᠤᠨ ᠬᠡᠷᠡᠭᠴᠡᠭᠡ ᠶᠢ ᠬᠠᠮᠤᠷᠴᠤ᠂ ᠡᠬᠡ ᠭᠠᠷᠠᠮ ᠤᠨ ᠬᠤᠲᠠ ᠳᠤ ᠲᠦᠢᠯ ᠤᠨ ᠴᠢᠩᠭ᠎ᠠ ᠠᠵᠤ ᠠᠬᠤᠢ ᠶᠢᠨ ᠳᠠᠶᠢᠴᠢᠯᠠᠬᠤ ᠦᠢᠯᠡᠳᠦᠯ ᠲᠠᠢ ᠶᠤᠮ᠃ ᠣᠶᠢᠷ᠎ᠠ ᠶᠢᠨ 10 ᠵᠢᠯ ᠤᠨ ᠲᠤᠷᠰᠢ᠂ ᠣᠯᠠᠨ ᠤᠯᠤᠰ ᠤᠨ ᠬᠥᠯᠭᠡ ᠣᠩᠭᠤᠴᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠵᠢᠯ ᠳᠤᠮᠳᠠᠴᠢ ᠪᠠᠷ 6% ᠠᠴᠠ 8% ᠶᠢᠨ ᠨᠡᠮᠡᠭᠳᠡᠯ ᠤᠨ ᠬᠤᠷᠳᠤᠴᠠ ᠪᠠᠨ ᠪᠠᠲᠤᠯᠠᠭᠰᠠᠭᠠᠷ ᠢᠷᠡᠵᠡᠶ᠃ ᠭᠡᠲᠡᠯ᠎ᠡ ᠥᠩᠭᠡᠷᠡᠭᠰᠡᠨ ᠳᠤ ᠲᠢᠶᠠᠨᠵᠢᠨ᠂ ᠱᠠᠩᠬᠠᠢ ᠮᠡᠲᠦ ᠶᠢᠨ ᠬᠡᠪᠴᠢᠶ᠎ᠡ ᠪᠠᠷ ᠨᠡᠯᠢᠶᠡᠳ ᠶᠡᠭᠡ ᠬᠥᠯᠭᠡ ᠣᠩᠭᠤᠴᠠᠨ ᠤ ᠡᠬᠡ ᠭᠠᠷᠠᠮ ᠠᠴᠠ ᠭᠠᠳᠠᠨ᠎ᠠ᠂ ᠬᠡᠪᠴᠢᠶ᠎ᠡ ᠪᠠᠷ ᠨᠡᠯᠢᠶᠡᠳ ᠪᠠᠭ᠎ᠠ ᠬᠥᠯᠭᠡ ᠣᠩᠭᠤᠴᠠᠨ ᠤ ᠵᠠᠷᠢᠮ ᠡᠬᠡ ᠭᠠᠷᠠᠮ ᠨᠢ ᠲᠣᠮᠣ ᠬᠡᠯᠪᠡᠷᠢ ᠶᠢᠨ ᠣᠯᠠᠨ ᠤᠯᠤᠰ ᠤᠨ ᠬᠥᠯᠭᠡ ᠣᠩᠭᠤᠴᠠᠨ ᠤ ᠬᠢᠯᠢ ᠪᠠᠷ ᠣᠷᠣᠵᠤ ᠵᠣᠭᠰᠣᠬᠤ ᠭᠠᠷᠠᠮ ᠪᠣᠯᠵᠤ ᠳᠡᠶᠢᠯᠬᠦ ᠦᠭᠡᠢ ᠪᠠᠶᠢᠵᠤ᠂ ᠵᠣᠭᠰᠣᠭᠰᠠᠨ ᠴᠤ ᠴᠠᠭ ᠨᠢ ᠨᠡᠯᠢᠶᠡᠳ ᠣᠬᠤᠷ ᠪᠠᠶᠢᠳᠠᠭ᠃ ᠵᠢᠱᠢᠶᠡᠯᠡᠪᠡᠯ ᠭᠠᠷᠠᠮ ᠳᠤ ᠣᠷᠣᠬᠤ ᠬᠥᠯᠭᠡ ᠣᠩᠭᠤᠴᠠᠨ ᠤ ᠴᠢᠩᠳᠣᠣ ᠳᠤ ᠵᠣᠭᠰᠣᠬᠤ ᠴᠠᠭ ᠨᠢ ᠳᠤᠮᠳᠠᠴᠢ ᠪᠠᠷ 1 ᠯᠡ ᠡᠳᠦᠷ ᠶᠤᠮ᠃ ᠡᠨᠡ ᠤᠳᠠᠭ᠎ᠠ ᠮᠠᠨ ᠤ ᠤᠯᠤᠰ ᠤᠨ ᠲᠡᠯᠡᠶ ᠳᠠᠭᠠᠤ ᠣᠷᠣᠨ ᠳᠤ ᠬᠥᠯᠭᠡ ᠣᠩᠭᠤᠴᠠᠨ ᠤ ᠵᠢᠭᠤᠯᠴᠢᠯᠠᠯ ᠤᠨ ᠪᠦᠯᠬᠦᠮ ᠤᠨ ᠬᠢᠯᠢ ᠪᠠᠷ ᠣᠷᠣᠬᠤ ᠳᠤ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠨᠢ ᠤᠯᠠᠮ ᠠᠴᠠ ᠣᠯᠠᠨ ᠭᠠᠳᠠᠭᠠᠳᠤ ᠶᠢᠨ ᠵᠢᠭᠤᠯᠴᠢᠯᠠᠭᠴᠢᠳ ᠤᠨ ᠳᠤᠮᠳᠠᠳᠤ ᠤᠯᠤᠰ ᠲᠤ ᠢᠷᠡᠵᠦ ᠶᠣᠰᠣ ᠵᠠᠩᠰᠢᠯ ᠢ ᠣᠶᠢᠯᠠᠭᠠᠨ ᠮᠡᠳᠡᠷᠡᠬᠦ ᠳᠤ ᠳᠦᠭᠦᠮᠯᠡᠵᠦ᠂ ᠮᠠᠨ ᠤ ᠤᠯᠤᠰ ᠤᠨ ᠲᠡᠯᠡᠶ ᠳᠠᠭᠠᠤ ᠮᠤᠵᠢ ᠶᠢᠨ ᠬᠥᠯᠭᠡ ᠣᠩᠭᠤᠴᠠᠨ ᠤ ᠠᠵᠤ ᠠᠬᠤᠢ ᠶᠢᠨ ᠡᠷᠴᠢᠮᠯᠢᠭ ᠬᠥᠭᠵᠢᠯᠲᠡ ᠶᠢ ᠠᠬᠢᠭᠤᠯᠬᠤ ᠪᠣᠯᠣᠨ᠎ᠠ᠃    ᠸᠢᠰᠠ ᠠᠴᠠ ᠬᠡᠯᠲᠦᠷᠢᠭᠦᠯᠬᠦ ᠪᠣᠯ ᠪᠠᠰᠠ ᠴᠤ ᠳᠡᠯᠡᠬᠡᠶᠢᠴᠢᠯᠡᠬᠦ ᠵᠣᠷᠢᠭ ᠰᠠᠨᠠᠭᠠᠨ ᠤ ᠪᠣᠳᠠᠲᠠᠢ ᠢᠯᠡᠷᠡᠯ ᠮᠥᠨ᠃ ᠬᠡᠳᠦᠢ ᠪᠠᠷ ᠣᠳᠣᠬᠠᠨ ᠳᠤ ︽ᠰᠥᠷᠭᠡᠦ ᠳᠡᠯᠡᠬᠡᠶᠢᠵᠢᠯ︾ ᠤᠨ ᠳᠠᠯᠳᠠ ᠤᠷᠤᠰᠬᠠᠯ ᠪᠣᠯᠵᠤ ᠪᠠᠶᠢᠭ᠎ᠠ ᠪᠣᠯᠪᠠᠴᠤ᠂ ᠳᠡᠯᠡᠬᠡᠢ ᠶᠢᠨ ᠪᠥᠮᠪᠥᠷᠴᠡᠭ ᠲᠣᠰᠬᠤᠨ ᠤ ︽ᠢᠷᠭᠡᠨ︾ ᠪᠣᠯᠤᠭᠰᠠᠨ ᠤ ᠬᠤᠪᠢ ᠳᠤ᠂ ︽ᠦᠷᠭᠦᠯᠵᠢ ᠭᠠᠳᠠᠭᠰᠢ ᠭᠠᠷᠴᠤ ᠦᠵᠡᠬᠦ︾ ᠨᠢ ᠨᠢᠭᠡᠨᠲᠡ ᠨᠢᠭᠡ ᠵᠦᠢᠯ ᠤᠨ ᠠᠮᠢᠳᠤᠷᠠᠯ ᠤᠨ ᠬᠡᠷᠡᠭᠴᠡᠭᠡ ᠪᠣᠯᠤᠭᠰᠠᠨ ᠪᠠᠶᠢᠨ᠎ᠠ᠃ ᠪᠠᠶᠢᠩᠭᠤ ᠶᠠᠪᠤᠯᠴᠠᠬᠤ ᠳᠤᠮᠳᠠ ᠪᠠᠨ᠂ ᠬᠤᠭᠤᠷᠣ ᠬᠤᠭᠤᠷᠣᠨᠳᠤ ᠪᠠᠨ ᠢᠲᠡᠭᠡᠯᠴᠡᠵᠦ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠦᠨ᠂ ᠠᠷᠠᠯᠵᠢᠶ᠎ᠠ ᠬᠤᠳᠠᠯᠳᠤᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠥᠷᠭᠡᠳᠬᠡᠵᠦ ᠴᠢᠳᠠᠨ᠎ᠠ᠃ ᠨᠢᠳᠤᠨᠤᠨ ᠠᠴᠠ ᠨᠠᠭᠠᠰᠢ᠂ ᠮᠠᠨ ᠤ ᠤᠯᠤᠰ ᠳᠤᠮᠳᠠᠳᠤ ᠭᠠᠳᠠᠭᠠᠳᠤ ᠶᠢᠨ ᠨᠥᠬᠦᠷᠰᠡᠭ ᠶᠠᠪᠤᠯᠴᠠᠭ᠎ᠠ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠥᠷᠳᠡᠬᠦ ᠶᠢ ᠠᠬᠢᠭᠤᠯᠬᠤ ᠶᠢᠨ ᠲᠥᠯᠥᠭᠡ ᠳᠤᠮᠳᠠᠳᠤ ᠤᠯᠤᠰ ᠲᠤ ᠢᠷᠡᠵᠦ ᠰᠤᠷᠤᠯᠴᠠᠬᠤ ᠶᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠳᠥᠭᠦᠮᠴᠢᠯᠡᠬᠦ᠂ ᠬᠡᠰᠡᠭ ᠤᠯᠤᠰ ᠲᠤ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠲᠤᠷᠰᠢᠨ ᠬᠡᠷᠡᠭᠵᠢᠭᠦᠯᠬᠦ ᠵᠡᠷᠭᠡ ᠶᠢ ᠪᠠᠭᠲᠠᠭᠠᠭᠰᠠᠨ ᠸᠢᠰᠠ ᠶᠢᠨ ᠲᠥᠷᠥ ᠶᠢᠨ ᠪᠣᠳᠣᠯᠭ᠎ᠠ ᠨᠤᠭᠤᠳ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠦᠭᠰᠡᠨ ᠶᠤᠮ᠃    ᠭᠠᠳᠠᠭᠠᠳᠤ ᠶᠢᠨ ᠬᠥᠮᠥᠰ ᠤᠨ ᠳᠤᠮᠳᠠᠳᠤ ᠤᠯᠤᠰ ᠲᠤ ᠢᠷᠡᠬᠦ ᠨᠢ ᠨᠡᠮᠡᠭᠳᠡᠵᠦ᠂ ᠤᠯᠠᠮ ᠠᠴᠠ ᠣᠯᠠᠨ ᠤᠯᠤᠰ ᠤᠨ ᠬᠦᠮᠦᠰ ᠳᠤᠮᠳᠠᠳᠤ ᠤᠯᠤᠰ ᠢ ᠨᠡᠩ ᠪᠦᠬᠦ ᠲᠠᠯ᠎ᠠ ᠪᠠᠷ᠂ ᠭᠦᠨᠵᠡᠭᠡᠢ ᠣᠶᠢᠯᠠᠭᠠᠵᠤ ᠪᠠᠶᠢᠨ᠎ᠠ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠭᠠᠳᠠᠭᠠᠳᠤ ᠶᠢᠨ ᠬᠦᠮᠦᠰ ᠤᠨ ᠳᠤᠮᠳᠠᠳᠤ ᠤᠯᠤᠰ ᠲᠤ ᠢᠷᠡᠭᠰᠡᠨ ᠲᠤᠭ᠎ᠠ 2023 ᠣᠨ ᠤ ᠠᠳᠠᠯᠢ ᠬᠤᠭᠤᠴᠠᠭᠠᠨ ᠤ ᠬᠢ ᠠᠴᠠ 3 ᠲᠠᠬᠢᠨ ᠢᠯᠡᠭᠦᠦ ᠨᠡᠮᠡᠭᠳᠡᠵᠦ᠂ ᠮᠠᠨ ᠤ ᠤᠯᠤᠰ ᠤᠨ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠤᠭ᠎ᠠ 1.2 ᠲᠦᠮᠡ ᠳᠤ ᠬᠦᠷᠴᠡᠢ᠃ ᠨᠡᠭᠡᠭᠡᠯᠲᠡ ᠲᠠᠢ ᠠᠰᠢᠭᠲᠠᠢ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠳᠡᠯᠡᠬᠡᠢ ᠳ᠋ᠠᠬᠢᠨ ᠢ ᠬᠦᠷᠢᠶᠡᠯᠡᠵᠦ ᠪᠠᠶᠢᠭ᠎ᠠ ᠦᠨᠡᠨᠴᠢ ᠰᠡᠳᠬᠢᠯ ᠢ ᠬᠠᠷᠠᠭᠤᠯᠵᠤ᠂ ᠭᠠᠳᠠᠭᠠᠳᠤ ᠶᠢᠨ ᠬᠤᠳᠠᠯᠳᠤᠭᠠᠴᠢᠳ ᠤᠨ ᠳᠤᠮᠳᠠᠳᠤ ᠤᠯᠤᠰ ᠲᠤ ᠢᠷᠡᠬᠦ ᠢᠲᠡᠭᠡᠯ ᠢ ᠨᠡᠮᠡᠭᠳᠡᠭᠦᠯᠦᠭᠰᠡᠨ ᠶᠤᠮ᠃ ᠲᠦᠷᠦᠭᠦᠬᠡᠨ᠂ ᠳᠡᠯᠡᠬᠡᠢ ᠶᠢᠨ ᠨᠠᠷᠠᠲᠤ ᠬᠠᠮᠢᠶᠠᠷᠤᠯᠲᠠ ᠶᠢᠨ ᠵᠥᠪᠯᠡᠯᠭᠡ ᠶᠢᠨ ᠺᠣᠮᠫᠠᠨᠢ ᠪᠣᠯᠬᠤ ᠺᠣᠷᠨᠢ ᠺᠣᠮᠫᠠᠨᠢ ᠶᠢᠨ ᠨᠡᠶᠢᠲᠡᠯᠡᠭᠰᠡᠨ 2024 ᠣᠨ ᠤ ᠪᠥᠬᠦ ᠳᠡᠯᠡᠬᠡᠢ ᠶᠢᠨ ᠭᠠᠳᠠᠭᠠᠳᠤ ᠶᠢᠨ ᠬᠤᠳᠠᠯᠳᠤᠭᠠᠴᠢᠨ ᠤ ᠰᠢᠭᠤᠳ ᠪᠡᠯᠡ ᠣᠷᠣᠭᠤᠯᠤᠯᠲᠠ ᠶᠢᠨ ᠢᠲᠡᠭᠡᠯ ᠤᠨ ᠢᠯᠡᠳᠬᠡᠭᠴᠢ ᠶᠢᠨ ᠮᠡᠳᠡᠭᠦᠯᠦᠯᠲᠡ ᠳᠤ᠂ ᠮᠠᠨ ᠤ ᠤᠯᠤᠰ ᠢ ᠨᠢᠳᠤᠨᠤᠨ ᠳᠣᠯᠣᠳᠤᠭᠠᠷ ᠲᠤ ᠵᠢᠭᠰᠠᠭᠠᠵᠤ ᠪᠠᠶᠢᠭᠰᠠᠨ ᠠᠴᠠ ᠪᠠᠨ ᠥᠨᠥ ᠭᠤᠷᠪᠠᠳᠤᠭᠠᠷ ᠲᠤ ᠵᠢᠭᠰᠠᠭᠠᠬᠤ ᠪᠠᠷ ᠪᠠᠶᠢᠨ᠎ᠠ᠃    ᠭᠡᠪᠡᠴᠦ᠂ ᠬᠢᠯᠢ ᠪᠠᠷ ᠣᠷᠣᠵᠤ ᠵᠢᠭᠤᠯᠴᠢᠯᠠᠬᠤ ᠬᠥᠮᠥᠨ ᠤ ᠲᠤᠭ᠎ᠠ ᠣᠯᠠᠰᠢᠷᠠᠭᠰᠠᠨ ᠨᠢ ᠰᠣᠶᠣᠯ ᠵᠢᠭᠤᠯᠴᠢᠯᠠᠯ ᠤᠨ ᠬᠥᠭᠵᠢᠯᠲᠡ ᠶᠢ ᠳᠠᠶᠢᠴᠢᠯᠠᠬᠤ ᠶᠢᠨ ᠵᠡᠷᠭᠡ ᠳᠤ ᠪᠠᠰᠠ ᠬᠤᠲᠠ ᠶᠢᠨ ᠬᠠᠮᠢᠶᠠᠷᠤᠯᠲᠠ ᠦᠢᠯᠡᠴᠢᠯᠡᠭᠡ ᠳᠤ ᠥᠷᠢᠰᠦᠯᠳᠦᠭᠡᠨ ᠤᠴᠠᠷᠠᠭᠤᠯᠵᠤ ᠪᠠᠶᠢᠨ᠎ᠠ᠃ ᠳᠠᠷᠠᠭᠠᠴᠢ ᠪᠠᠷ᠂ ᠲᠦᠭᠵᠢᠷᠡᠯ ᠬᠦᠴᠢᠷᠳᠡᠯ ᠢ ᠡᠮᠬᠢᠯᠡᠨ ᠡᠷᠢᠵᠦ᠂ ᠬᠢᠯᠢ ᠪᠠᠷ ᠣᠷᠣᠵᠤ ᠢᠷᠡᠬᠦ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠦᠵᠡᠮᠵᠢ ᠶᠢᠨ ᠣᠷᠣᠨ ᠤ ᠰᠠᠭᠤᠷᠢ ᠪᠡᠯᠡᠳᠬᠡᠮᠵᠢ ᠶᠢᠨ ᠲᠦᠪᠰᠢᠨ ᠢ ᠳᠡᠭᠡᠭᠰᠢᠯᠡᠭᠦᠯᠵᠦ᠂ ᠭᠠᠳᠠᠭᠠᠳᠤ ᠶᠢᠨ ᠵᠢᠭᠤᠯᠴᠢᠯᠠᠭᠰᠠᠳ ᠤᠨ ᠳᠤᠮᠳᠠᠳᠤ ᠤᠯᠤᠰ ᠲᠠᠬᠢ ᠵᠢᠭᠤᠯᠴᠢᠯᠠᠯ ᠢ ᠨᠡᠩ ᠤᠷᠤᠭᠰᠢᠲᠠᠢ᠂ ᠲᠠᠭᠠᠯᠠᠮᠵᠢᠲᠠᠢ ᠪᠣᠯᠭᠠᠨ᠎ᠠ᠃
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号