ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2024/7/11
    ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢᠨ ᠲᠤᠬᠠᠶ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠎ᠠ︔ ᠬᠠᠶᠢᠷᠤᠪ ᠤᠨ ᠲᠣᠬᠤᠢ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠤᠡᠪᠤᠷᠢᠯᠡᠵᠤ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠪᠠ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃    ︵ᠬᠤᠶᠠᠷ︶ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠵᠦ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠬᠦᠳᠦᠯᠦᠨ ᠵᠢᠯᠣᠭᠤᠳᠴᠤ᠂ ᠠᠵᠢᠯ ᠲᠦᠷᠦᠯ ᠤᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠪᠠ᠃ ᠠᠵᠤ ᠦᠢᠯᠡᠳᠪᠦᠷᠢ ᠶᠢᠨ ᠠᠵᠢᠯᠯᠠᠭᠠᠨ ᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠵᠢᠯᠣᠭᠤᠳᠤᠨ᠎ᠠ᠃    ︵ᠭᠤᠷᠪᠠ︶ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ ᠢ ᠬᠠᠷᠢᠭᠤᠴᠠᠨ ᠳᠤᠷᠠᠳᠴᠤ᠂ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠣᠬᠢᠷᠠᠭᠤᠯᠬᠤ ᠰᠠᠨᠠᠭᠤᠯᠭ᠎ᠠ ᠳᠤᠷᠠᠳᠬᠤ ᠶᠢ ᠬᠠᠷᠢᠭᠤᠴᠠᠵᠤ᠂ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠬᠢᠨᠠᠨ ᠵᠥᠪᠰᠢᠶᠡᠷᠡᠵᠦ ᠳᠠᠩᠰᠠᠯᠠᠭᠤᠯᠤᠨ᠎ᠠ᠃ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃    ︵ᠲᠦᠷᠪᠡ︶ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠪᠣᠯᠤᠨ ᠠᠵᠤ ᠦᠢᠯᠡᠰ ᠤᠨ ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢ ᠦᠨᠳᠦᠰᠦᠯᠡᠨ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢᠨ ᠰᠠᠨᠠᠭᠤᠯᠭ᠎ᠠ ᠳᠤᠷᠠᠳᠪᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠪᠠᠶᠢᠷᠢᠰᠢᠭᠤᠯᠤᠯᠲᠠ ᠶᠢᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠳᠠᠪᠤᠰᠤᠨ ᠤ ᠦᠢᠯᠡᠰ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ  ᠭᠦᠢᠴᠡᠤᠡᠭᠡᠨ᠎ᠡ᠃    ︵ᠲᠠᠪᠤ︶ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠣᠯᠤᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠵᠢᠷᠭᠤᠭ᠎ᠠ︶ ᠠᠵᠤ ᠦᠢᠯᠡᠳᠪᠦᠷᠢ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠮᠡᠳᠡᠭᠡ ᠵᠠᠩᠭᠢᠵᠢᠯᠲᠠ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠳᠤ ᠣᠷᠣᠯᠴᠠᠵᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠤᠨ ᠠᠵᠤ ᠦᠢᠯᠡᠰᠴᠢᠯᠡᠯᠳᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠵᠢᠯᠣᠭᠤᠳᠤᠨ᠎ᠠ᠃   ︵ᠳᠤᠯᠤᠭ᠎ᠠ︶ ᠲᠣᠨᠣᠭᠯᠠᠯ ᠦᠢᠯᠡᠳᠬᠦ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠷᠭᠡᠵᠢᠯ ᠲᠣᠨᠣᠭᠯᠠᠯ ᠤᠨ ᠬᠥᠭᠵᠢᠯᠲᠡ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠶ ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠮᠡᠷᠭᠡᠵᠢᠯ ᠲᠣᠨᠣᠭᠯᠠᠯ ᠢ ᠤᠯᠤᠰᠴᠢᠯᠠᠬᠤ ᠶᠢ ᠲᠦᠯᠬᠢᠨ ᠠᠬᠢᠭᠤᠯᠵᠤ᠂ ᠮᠡᠷᠭᠡᠵᠢᠯ ᠲᠣᠨᠣᠭᠯᠠᠯ ᠢ ᠣᠷᠣᠭᠤᠯᠵᠤ ᠢᠷᠡᠬᠦ ᠪᠠ ᠰᠢᠨ᠎ᠡ ᠶᠢ ᠡᠭᠦᠳᠬᠦ ᠶᠢ ᠵᠢᠯᠣᠭᠤᠳᠤᠨ ᠣᠷᠣᠭᠤᠯᠵᠤ ᠢᠷᠡᠨ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃    ︵ᠨᠠᠢᠮᠠ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠵᠢᠯᠣᠭᠤᠳᠤᠨ᠎ᠠ᠃ ᠮᠡᠳᠡᠭᠡ ᠵᠠᠩᠭᠢᠵᠢᠯᠲᠠ ᠪᠠ ᠠᠵᠤ ᠦᠢᠯᠡᠳ᠋ᠪᠦᠷᠢᠵᠢᠯᠲᠡ ᠶᠢᠨ ᠨᠡᠶᠢᠯᠡᠯ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠤᠨᠤᠭ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠤᠶᠢᠯᠡᠤᠡᠪᠤᠷᠢ ᠶᠢᠨ ᠡᠵᠡᠮᠰᠢᠯ ᠤᠨ ᠰᠢᠰᠲ᠋ᠧᠮ ᠤᠨ ᠲᠤᠤᠷ ᠰᠦ᠋ᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦ᠋ᠪᠰᠢᠨ ᠢ  ᠬᠠᠷᠢᠭᠤᠴᠠᠨ᠎ᠠ᠃   ︵ᠶᠢᠰᠦ︶ ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠬᠤᠷᠸ᠎ᠠ ᠵᠢᠯᠣᠭᠤᠳᠣᠯᠭ᠎ᠠ ᠶᠢ ᠬᠠᠷᠢᠭᠤᠴᠠᠨ᠎ᠠ᠃   ︵ᠠᠷᠪᠠ︶ ᠪᠦᠬᠦ ᠲᠤᠭᠤᠷᠢᠭ ᠤᠨ ᠠᠷᠠᠳ ᠤᠨ ᠬᠡᠷᠡᠭᠴᠡᠭᠡᠨ ᠤ ᠳᠡᠯᠪᠡᠷᠡᠬᠦ ᠡᠳ᠋ ᠪᠣᠳᠠᠰ ᠤᠨ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ︵ᠠᠷᠪᠠᠨ ᠨᠢᠭᠡ︶ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃   ︵ᠠᠷᠪᠠᠨ ᠬᠤᠶᠠᠷ︶ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠭᠠᠳᠠᠭᠠᠳᠤ ᠶᠢᠨ ᠤᠶᠤᠨ ᠤ ᠲᠥᠯᠥᠪᠵᠢᠭᠦᠯᠭᠡ ᠶᠢ ᠣᠷᠣᠭᠤᠯᠤᠨ ᠠᠪᠴᠢᠷᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃   ︵ᠠᠷᠪᠠᠨ ᠭᠤᠷᠪᠠ︶ ᠬᠠᠶᠢᠷᠤᠪ ᠤᠨ ᠲᠣᠬᠤᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃    ︵ᠠᠷᠪᠠᠨ ᠳᠥᠷᠪᠡᠳᠦᠭᠡᠷ︶ ᠬᠠᠶᠢᠷᠤᠪ ᠤᠨ ᠲᠣᠬᠤᠢ ᠲᠣᠭᠤᠷᠢᠭ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠪᠣᠯᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃   ︵ᠠᠷᠪᠠᠨ ᠲᠠᠪᠤ︶ ᠬᠠᠶᠢᠷᠤᠪ ᠤᠨ ᠲᠣᠬᠤᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠥᠪᠯᠡᠨ᠂ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃    ︵ᠠᠷᠪᠠᠨ ᠵᠢᠷᠭᠤᠭ᠎ᠠ︶ ᠪᠦᠬᠦ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠨᠢᠭᠡᠳᠦᠯᠲᠡᠶ ᠲᠠᠪᠴᠠᠩ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠡᠯᠡ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠲᠣᠭᠲᠠᠴᠠ ᠶᠢ ᠲᠦᠷᠦᠭᠦᠯᠡᠨ ᠪᠠᠶᠢᠭᠤᠯᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠯᠠᠨ ᠡᠰᠢᠵᠢᠭᠰᠡᠨ ᠣᠷᠣᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃   ︵ᠠᠷᠪᠠᠨ ᠳᠣᠯᠤᠭ᠎ᠠ︶ ᠬᠠᠶᠢᠷᠤᠪ ᠤᠨ ᠲᠤᠬᠤᠢ ᠲᠣᠭᠤᠷᠢᠭ ᠤᠨ ᠰᠠᠭᠤᠷᠢ ᠰᠤᠳᠤᠯᠭᠠᠨ ᠤ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠠᠭᠤᠷᠢ ᠰᠤᠳᠤᠯᠤᠯ ᠪᠠ ᠬᠡᠷᠡᠭᠯᠡᠭᠡᠨ ᠤ ᠰᠠᠭᠤᠷᠢ ᠰᠤᠳᠤᠯᠤᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃    ︵ᠠᠷᠪᠠᠨ ᠨᠠᠶᠢᠮᠠ︶ ᠬᠠᠶᠢᠷᠤᠪ ᠤᠨ ᠲᠣᠬᠤᠢ ᠲᠣᠭᠤᠷᠢᠭ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠤᠨ ᠪᠠᠲᠤᠯᠠᠭ᠎ᠠ ᠶᠢᠨ ᠪᠦᠲᠦᠭᠡᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃    ︵ᠠᠷᠪᠠ ᠶᠢᠰᠦ︶ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠪᠣᠯᠤᠨ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠭᠤᠣᠯᠳᠠᠯᠭ᠎ᠠ ᠲᠠᠢ ᠬᠦᠷᠢᠶᠡᠨ ᠤ ᠮᠡᠷᠭᠡᠵᠢᠯ ᠤᠨ ᠬᠥᠭᠵᠢᠯᠲᠡ ᠶᠢᠨ ᠪᠠᠷᠠᠭᠠᠯᠬᠢᠯᠠᠯ ᠤᠨ ᠴᠢᠨᠠᠷᠲᠠᠢ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃    ︵  ᠬᠤᠷᠢ︶ ᠬᠠᠶᠢᠷᠤᠪ ᠤᠨ ᠲᠤᠬᠤᠢ ᠲᠣᠭᠤᠷᠢᠭ ᠤᠨ ᠮᠡᠷᠭᠡᠵᠢᠯ ᠢ ᠰᠢᠯᠵᠢᠭᠦᠯᠬᠦ ᠰᠢᠰᠲ᠋ᠧᠮ ᠤᠨ ᠪᠠᠶᠢᠭᠤᠯᠤᠯᠲᠠ ᠶᠢ ᠲᠦᠷᠦᠭᠦᠯᠡᠨ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠠᠮᠢᠶᠠᠷᠬᠤ᠂ ᠰᠢᠯᠵᠢᠭᠦᠯᠦᠨ ᠬᠤᠪᠢᠷᠠᠭᠤᠯᠬᠤ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ ᠠᠬᠢᠭᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠢ ᠤᠯᠠᠮᠵᠢᠯᠠᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃    ︵ᠬᠤᠷᠢᠨ ᠨᠢᠭᠡ︶ ᠣᠷᠣᠨ ᠪᠦᠰᠡ ᠶᠢᠨ ᠰᠢᠨ᠎ᠡ ᠶᠢ ᠡᠭᠦᠳᠬᠦ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠵᠦᠶ ᠵᠣᠬᠢᠰᠲᠠᠶ ᠪᠠᠶᠢᠷᠢᠯᠠᠭᠤᠯᠬᠤ ᠪᠠ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠠᠴᠢᠶᠠᠯᠠᠪᠤᠷᠢ ᠵᠢᠴᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃    ︵ᠬᠤᠷᠢᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠯᠲᠠ ᠲᠠᠯᠪᠢᠵᠤ ᠦᠨᠡᠯᠡᠬᠦ ᠰᠢᠰᠲ᠋ᠧᠮᠵᠢ ᠶᠢᠨ ᠪᠠᠶᠢᠭᠤᠯᠤᠯᠲᠠ ᠪᠠ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠬᠦ ᠲᠣᠭᠲᠠᠴᠠ ᠶᠢᠨ ᠥᠭᠡᠷᠡᠴᠢᠯᠡᠯᠲᠡ ᠶᠢ ᠵᠢᠯᠣᠭᠤᠳᠴᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ᠃    ︵ᠬᠤᠷᠢᠨ ᠭᠤᠷᠪᠠᠨ︶ ᠬᠠᠶᠢᠷᠤᠪ ᠤᠨ ᠲᠣᠬᠤᠢ ᠲᠣᠭᠤᠷᠢᠭ ᠤᠨ ᠰᠢᠨ᠎ᠡ ᠶᠢ ᠡᠭᠦᠳᠬᠦ ᠪᠠᠶᠢᠴᠠᠭᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠦᠯᠦᠯᠲᠡ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠬᠤᠷᠢᠨ ᠳᠥᠷᠪᠡᠨ︶ ᠬᠠᠶᠢᠷᠤᠪ ᠤᠨ ᠲᠣᠬᠤᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠳᠠᠭᠠᠳᠤ ᠶᠠᠪᠤᠯᠴᠠᠭ᠎ᠠ ᠪᠣᠯᠤᠨ ᠰᠢᠨ᠎ᠡ ᠶᠢ ᠡᠭᠦᠳᠬᠦ ᠴᠢᠳᠠᠪᠤᠷᠢ ᠶᠢᠨ ᠨᠡᠭᠡᠭᠡᠯᠲᠡ ᠬᠢᠵᠦ ᠬᠠᠮᠲᠤᠷᠠᠯᠴᠠᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭᠠᠨ ᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠭᠠᠳᠠᠭᠠᠳᠤ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭᠠᠨ ᠤ ᠠᠵᠢᠯ ᠢ ᠵᠢᠯᠣᠭᠤᠳᠤᠨ᠎ᠠ᠃    ︵ᠬᠤᠷᠢᠨ ᠲᠠᠪᠤ︶ ᠭᠠᠳᠠᠭᠠᠳᠤ ᠤᠯᠤᠰ ᠤᠨ ᠣᠶᠤᠨ ᠮᠡᠳᠡᠯᠭᠡ ᠶᠢ ᠣᠷᠣᠭᠤᠯᠵᠤ ᠢᠷᠡᠬᠦ ᠠᠵᠢᠯ ᠢ ᠬᠠᠷᠢᠭᠤᠴᠠᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠢ ᠣᠷᠣᠭᠤᠯᠤᠨ ᠠᠪᠴᠢᠷᠠᠬᠤ ᠶᠡᠷᠦᠩᠬᠡᠢ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠳᠠᠭᠠᠳᠤ ᠶᠢᠨ ᠲᠤᠰᠬᠠᠢ ᠮᠡᠷᠭᠡᠵᠢᠯᠲᠡᠨ᠂ ᠪᠦᠯᠬᠦᠮ ᠨᠡᠶᠢᠲᠡ ᠶᠢ ᠲᠠᠳᠠᠨ ᠴᠤᠭᠯᠠᠭᠤᠯᠬᠤ ᠲᠣᠭᠲᠠᠴᠠ ᠪᠠ ᠭᠤᠣᠯᠳᠠᠯᠭ᠎ᠠ ᠲᠠᠢ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠲᠠᠢ ᠬᠠᠷᠢᠯᠴᠠᠵᠤ ᠦᠢᠯᠡᠴᠢᠯᠡᠬᠦ ᠲᠣᠭᠲᠠᠴᠠ ᠪᠠᠶᠢᠭᠤᠯᠬᠤ ᠶᠢ ᠠᠬᠢᠭᠤᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠤᠯᠤᠰ ︵ᠬᠢᠯᠢ ᠬᠢᠵᠠᠭᠠᠷ︶᠎ ᠢ ᠲᠤᠭᠤᠷᠪᠢᠨ ᠲᠣᠭᠲᠠᠭᠠᠨ᠎ᠠ︶ ᠪᠣᠯᠪᠠᠰᠤᠷᠠᠭᠤᠯᠤᠯ ᠤᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠣᠨ ᠤ ᠲᠥᠯᠥᠪᠯᠡᠭᠡ ᠶᠢ ᠬᠢᠨᠠᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃    ︵ᠬᠤᠷᠢᠨ ᠵᠢᠷᠭᠤᠭᠠᠨ︶ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠬᠤᠶᠠᠷ᠂ ᠪᠠᠶᠢᠭᠤᠯᠤᠮᠵᠢ ᠶᠢᠨ ᠲᠣᠬᠢᠷᠠᠭᠤᠯᠤᠯᠲᠠ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠳᠣᠲᠣᠭᠠᠳᠤ ᠪᠠᠶᠢᠭᠤᠯᠤᠮᠵᠢ ᠪᠠᠶᠢᠭᠤᠯᠬᠤ ᠦᠭᠡᠢ᠃    ᠭᠤᠷᠪᠠ᠂ ᠠᠵᠢᠯᠯᠠᠬᠤ ᠬᠠᠶ᠋ᠢᠭ᠄ ᠨᠠᠮ ᠵᠠᠰᠠᠭ ᠤᠨ ᠲᠣᠮᠣ ᠠᠰᠠᠷ ᠤᠨ 229 ᠠᠯᠪᠠᠨ ᠬᠡᠷ    ᠳᠥᠷᠪᠡ᠂ ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂   15᠄ 00-18᠄ 00    ᠲᠠᠪᠤ᠂ ᠬᠠᠷᠢᠯᠴᠠᠬᠤ ᠠᠷᠭ᠎ᠠ ᠬᠡᠯᠪᠡᠷᠢ᠄ 0473-3127986    ᠵᠢᠷᠭᠤᠭ᠎ᠠ᠂ ᠬᠠᠷᠢᠭᠤᠴᠠᠯᠭᠠᠲᠠᠨ ᠤ ᠣᠪᠣᠭ ᠨᠡᠷ᠎ᠡ᠄ ᠹᠦ᠋ ᠷᠦᠢ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号