ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/7/11
    ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ    ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠤᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠠᠵᠢᠯ ᠤᠨ ᠲᠤᠬᠢᠷᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠠᠷᠠᠳ ᠤᠨ ᠶᠠᠪᠤᠳᠠᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄    ︵ᠨᠢᠭᠡ︶ ᠪᠦᠬᠦ ᠲᠤᠭᠤᠷᠢᠭ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠢᠷᠤᠮᠵᠢᠭᠤᠯᠤᠭᠰᠠᠨ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠨ᠎ᠠ᠃    ︵ᠬᠤᠶᠠᠷ︶ ᠪᠦᠬᠦ ᠲᠤᠭᠤᠷᠢᠭ ᠤᠨ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠬᠠᠮᠢᠶᠠᠷᠬᠤ ᠪᠠ ᠬᠢᠨᠠᠯᠲᠠ ᠲᠠᠯᠪᠢᠵᠤ ᠪᠠᠶᠢᠴᠠᠭᠠᠨ᠎ᠠ᠃    ︵ᠭᠤᠷᠪᠠ︶ ᠪᠦᠬᠦ ᠲᠤᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠬᠤ᠂ ᠲᠦᠷ ᠴᠠᠭ ᠠᠪᠤᠷᠠᠨ ᠲᠤᠰᠠᠯᠠᠬᠤ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃    ︵ᠳᠥᠷᠪᠡ︶ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢᠨ ᠰᠠᠨᠠᠯ ᠪᠠ ᠰᠠᠨᠠᠭᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠰᠬᠤᠨ ᠢ ᠵᠣᠬᠢᠶᠠᠨ ᠪᠠᠶᠢᠭᠤᠯᠤᠨ ᠵᠢᠯᠣᠭᠤᠳᠬᠤ ᠬᠡᠷᠡᠭᠲᠡᠶ᠃︶ ᠠᠷᠠᠳ ᠤᠨ ᠵᠥᠪᠯᠡᠯ ᠤᠨ ᠠᠷᠠᠳᠴᠢᠯᠠᠯ ᠢᠶᠠᠷ ᠰᠣᠩᠭᠤᠭᠤᠯᠢ ᠬᠢᠬᠦ᠂ ᠠᠷᠠᠳᠴᠢᠯᠠᠯ ᠢᠶᠠᠷ ᠰᠢᠢᠤᠡᠪᠤᠷᠢᠳᠤ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃   ︵ᠲᠠᠪᠤ︶ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    ︵ᠵᠢᠷᠭᠤᠭ᠎ᠠ︶ ᠪᠥᠬᠦ ᠲᠤᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠲᠤᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠬᠤᠪᠢᠷᠠᠭᠤᠯᠬᠤ ᠳᠤ ᠠᠩᠬᠠᠨ ᠤ ᠬᠢᠨᠠᠯᠲᠠ ᠬᠢᠬᠦ ᠪᠠ ᠭᠤᠶᠤᠴᠢᠯᠠᠨ ᠮᠡᠳᠡᠭᠦᠯᠬᠦ ᠠᠵᠢᠯ ᠢ ᠡᠭᠦᠷᠭᠡᠯᠡᠵᠦ᠂ ᠳᠡᠭᠡᠳᠦ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠵᠣᠬᠢᠴᠠᠭᠤᠯᠤᠨ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ᠂ ᠬᠠᠮᠢᠶᠠᠷᠬᠤ ᠠᠵᠢᠯ ᠢ ᠰᠠᠶᠢᠲᠤᠷ ᠬᠢᠨ᠎ᠡ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠳᠤᠯᠤᠭ᠎ᠠ︶ ᠤᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃   ︵ᠨᠠᠢᠮᠠ︶ ᠣᠷᠣᠰᠢᠭᠤᠯᠭ᠎ᠠ ᠶᠢᠨ ᠠᠵᠢᠯ ᠤᠨ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠰᠢᠭᠤᠯᠭ᠎ᠠ ᠶᠢᠨ ᠠᠵᠢᠯ ᠦᠢᠯᠡᠰ ᠤᠨ ᠨᠢᠭᠡᠴᠡ ᠶᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠬᠡᠷᠡᠭᠲᠡᠢ᠃   ︵ᠶᠢᠰᠦ︶ ᠪᠦᠬᠦ ᠲᠤᠭᠤᠷᠢᠭ ᠤᠨ ᠨᠡᠶᠢᠭᠡᠮ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠡᠯ᠎ᠡ ᠲᠥᠷᠥᠯ ᠤᠨ ᠠᠰᠠᠷᠠᠮᠵᠢ ᠶᠢᠨ ᠲᠥᠬᠦᠭᠡᠷᠦᠮᠵᠢ ᠶᠢᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠨᠠᠰᠤᠲᠠᠶᠢᠴᠤᠳ᠂ ᠥᠨᠥᠴᠢᠨ ᠬᠡᠤᠬᠡᠳ ᠵᠡᠮᠳᠡᠭᠴᠦᠳ ᠵᠡᠷᠭᠡ ᠣᠨᠴᠠᠭᠠᠶ ᠬᠦᠴᠢᠷᠳᠡᠯᠲᠡᠶ ᠬᠥᠮᠦᠰ ᠤᠨ ᠡᠷᠬᠡ ᠠᠰᠢᠭ ᠢ ᠪᠠᠲᠤᠯᠠᠬᠤ ᠠᠵᠢᠯ ᠢ ᠵᠢᠯᠣᠭᠤᠳᠬᠤ ᠪᠠ ᠲᠡᠭᠦᠨ ᠳᠤ ᠣᠷᠣᠯᠴᠠᠨ᠎ᠠ᠃ ᠥᠷᠭᠡᠨ ᠲᠡᠵᠢᠭᠡᠬᠦ ᠶᠢ ᠮᠡᠳᠡᠭᠦᠯᠬᠦ ᠠᠵᠢᠯ᠂ ᠥᠷᠭᠡᠨ ᠲᠡᠵᠢᠭᠡᠬᠦ ᠶᠢ ᠳᠠᠩᠰᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠶᠢᠨ ᠳᠠᠩᠰᠠᠯᠠᠨ ᠬᠠᠮᠢᠶᠠᠷᠬᠤ ᠠᠵᠢᠯ ᠢ ᠬᠠᠷᠢᠭᠤᠴᠠᠨ᠎ᠠ᠃  ︵ᠠᠷᠪᠠ︶ ᠨᠢᠭᠦᠯᠡᠰᠦᠩᠭᠦᠶ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠬᠢᠨ ᠢᠶᠠᠷ ᠲᠤᠰᠠᠯᠠᠭᠤᠯᠬᠤ ᠠᠵᠢᠯ ᠢ ᠵᠢᠯᠣᠭᠤᠳᠣᠭᠤᠯᠤᠨ᠎ᠠ᠃  ︵ᠠᠷᠪᠠᠨ ᠨᠢᠭᠡ︶ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃   ︵ᠠᠷᠪᠠᠨ ᠬᠤᠶᠠᠷ︶ ᠡᠭᠦᠷᠭᠡ ᠴᠢᠳᠠᠪᠤᠷᠢ ᠶᠢ ᠬᠤᠪᠢᠷᠠᠬᠤᠯᠬᠤ᠃ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠᠭᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠦᠨᠳᠦᠰᠦᠨ ᠨᠡᠶᠢᠭᠡᠮ ᠤᠨ ᠦᠢᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠵᠦ᠂ ᠬᠦᠴᠢᠷᠳᠡᠯᠲᠡᠢ ᠤᠯᠠᠨ ᠲᠦᠮᠡᠨ᠂ ᠥᠨᠥᠴᠢᠨ ᠨᠠᠰᠤᠲᠠᠨ᠂ ᠥᠨᠥᠴᠢᠨ ᠵᠡᠮᠳᠡᠭ᠂ ᠥᠨᠥᠴᠢᠨ ᠬᠡᠦᠬᠡᠳ ᠵᠡᠷᠭᠡ ᠣᠨᠴᠠᠭᠠᠢ ᠬᠥᠮᠦᠰ ᠲᠤ ᠦᠨᠳᠦᠰᠦᠨ ᠨᠡᠶᠢᠭᠡᠮ ᠤᠨ ᠦᠢᠯᠡᠴᠢᠯᠡᠭᠡ ᠬᠠᠩᠭᠠᠬᠤ ᠬᠡᠷᠡᠭᠲᠡᠢ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ ᠡᠰᠢᠲᠦ ᠣᠷᠣᠯᠴᠠᠬᠤ ᠭᠤᠤᠯ ᠴᠣᠭᠴᠠ ᠶᠢ ᠢᠳᠡᠪᠬᠢᠲᠡᠶ ᠪᠠᠷ ᠪᠤᠶᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠠᠬᠢᠭᠤᠯᠤᠨ᠎ᠠ᠃    ︵ᠠᠷᠪᠠᠨ ᠭᠤᠷᠪᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃   1. ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠱᠠᠯᠠᠪᠳᠠᠭᠤᠯᠤᠨ ᠵᠢᠯᠣᠭᠤᠳᠬᠤ᠂ ᠬᠢᠨᠠᠨ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠵᠤ᠂ ᠬᠠᠮᠢᠶ᠎ᠠ ᠪᠦᠬᠦᠢ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠣᠯᠤᠨ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ ᠬᠠᠶᠢᠷᠤᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠦᠨ ᠠᠮᠠ ᠶᠢᠨ ᠨᠠᠰᠤᠵᠢᠯ ᠢ ᠠᠷᠭᠠᠴᠠᠬᠤ᠂ ᠡᠮᠨᠡᠬᠦ ᠪᠠ ᠠᠰᠠᠷᠠᠬᠤ ᠶᠢ ᠤᠶᠠᠯᠳᠤᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢ ᠬᠠᠷᠢᠭᠤᠴᠠᠵᠤ᠂ ᠶᠡᠷᠦᠩᠬᠡᠶᠢᠯᠡᠨ ᠵᠣᠬᠢᠴᠠᠭᠤᠯᠵᠤ᠂ ᠰᠢᠮᠳᠠᠭᠤᠯᠤᠨ ᠵᠢᠯᠣᠭᠤᠳᠴᠤ᠂ ᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠶᠢ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠡᠮ ᠡᠮᠨᠡᠯᠭᠡ ᠶᠢᠨ ᠬᠠᠷᠠᠭᠠᠯᠵᠠᠨ ᠠᠰᠠᠷᠠᠬᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠶᠢᠷ᠎ᠠ ᠬᠠᠯᠠᠮᠵᠢ ᠶᠢᠨ ᠦᠢᠯᠡᠴᠢᠯᠡᠭᠡ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠡᠭᠦᠷᠭᠡᠯᠡᠨ᠎ᠡ᠃    2. ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠶᠢᠷᠤᠪ ᠤᠨ ᠲᠣᠬᠤᠢ ᠶᠢᠨ ᠬᠤᠪᠢᠶᠠᠷᠢ ᠲᠣᠪᠴᠢᠶ᠎ᠠ ᠯᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠦᠬᠠᠢ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠶᠢᠷᠤᠪ ᠤᠨ ᠲᠤᠬᠤᠢ ᠶᠢᠨ ᠬᠤᠪᠢᠶᠠᠷᠢ ᠲᠤᠪᠴᠢᠶ᠎ᠠ ᠲᠠᠢ ᠬᠠᠮᠲᠤᠷᠠᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠮᠡᠳᠡᠭᠡ ᠵᠠᠩᠭᠢ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠭᠰᠡᠨ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠵᠠᠬᠢᠷᠭᠠᠨ ᠤ ᠲᠣᠭᠤᠷᠢᠭ ᠤᠨ ᠬᠤᠪᠢᠶᠠᠷᠢᠯᠠᠯ ᠤᠨ ᠵᠢᠷᠤᠭ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠪᠠ᠃  3. ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ︔ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠶᠢᠨ ᠵᠠᠮ᠂ ᠣᠷᠣᠨ ᠰᠠᠭᠤᠴᠠ ᠶᠢᠨ ᠵᠢᠵᠢᠭ ᠲᠣᠭᠤᠷᠢᠭ ᠵᠡᠷᠭᠡ ᠣᠯᠠᠨ ᠨᠡᠶᠢᠲᠡ ᠶᠢᠨ ᠭᠠᠵᠠᠷ ᠣᠷᠣᠨ ᠳᠤ  ᠣᠷᠣᠰᠢᠭᠤᠯᠭ᠎ᠠ ᠶᠢᠨ ᠶᠠᠪᠤᠳᠠᠯ ᠤᠨ ᠬᠡᠩᠭᠡᠷᠭᠡ ᠦᠯᠢᠶᠡᠬᠦ᠂ ᠲᠠᠬᠢᠯᠭ᠎ᠠ ᠶᠢᠨ ᠡᠳ᠋ ᠰᠢᠲᠠᠭᠠᠬᠤ᠂ ᠫᠤᠤᠵᠢᠩ ᠲᠠᠯᠪᠢᠬᠤ ᠵᠡᠷᠭᠡ ᠣᠷᠣᠰᠢᠭᠤᠯᠭ᠎ᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃    ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ    ︵ᠨᠢᠭᠡ︶ ᠠᠯᠪᠠᠨ ᠭᠡᠷ᠄ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠲᠠᠩᠰᠠ ᠡᠪᠬᠡᠮᠡᠯ᠂ ᠮᠡᠳᠡᠭᠡ ᠵᠠᠩᠭᠢ᠂ ᠨᠢᠭᠤᠴᠠ ᠶᠢ ᠬᠠᠮᠠᠭᠠᠯᠠᠬᠤ᠂ ᠬᠤᠷᠠᠯ ᠤᠨ ᠶᠠᠪᠤᠳᠠᠯ᠂ ᠵᠠᠬᠢᠳᠠᠯ ᠰᠤᠷᠪᠤᠯᠵᠢᠯᠠᠭ᠎ᠠ᠂ ᠡᠳ᠋ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠬᠦᠯᠢᠶᠡᠨ ᠠᠪᠬᠤ ᠵᠡᠷᠭᠡ ᠠᠵᠢᠯ ᠢ ᠡᠭᠦᠷᠭᠡᠯᠡᠨ᠎ᠡ᠃    ︵ᠬᠤᠶᠠᠷ︶ ᠨᠡᠶᠢᠭᠡᠮ ᠤᠨ ᠠᠪᠤᠷᠠᠨ ᠲᠤᠰᠠᠯᠠᠬᠤ ᠪᠠ ᠨᠡᠶᠢᠭᠡᠮ ᠤᠨ ᠬᠡᠷᠡᠭ ᠶᠠᠪᠤᠳᠠᠯ ᠤᠨ ᠲᠠᠰᠤᠭ᠄ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠡᠷᠦᠬᠡ ᠳᠤ ᠣᠷᠣᠭᠤᠯᠬᠤ᠂ ᠬᠠᠷᠭᠤᠭᠤᠯᠬᠤ᠂ ᠵᠣᠬᠢᠶᠠᠨ ᠪᠠᠶᠢᠭᠤᠯᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠤᠷᠠᠯ ᠬᠤᠷᠠᠯᠳᠤᠭᠤᠯᠬᠤ᠂ ᠬᠢᠨᠠᠨ ᠵᠥᠪᠰᠢᠶᠡᠷᠡᠬᠦ᠂ ᠣᠯᠭᠤᠬᠤ᠂ ᠲᠣᠬᠤᠨᠢᠭᠤᠯᠬᠤ᠂ ᠬᠥᠳᠡᠯᠦᠩᠭᠦᠶ ᠪᠠᠷ ᠬᠠᠮᠢᠶᠠᠷᠬᠤ᠂ ᠬᠦᠯᠢᠶᠡᠨ ᠠᠪᠬᠤ ᠵᠡᠷᠭᠡ ᠠᠵᠢᠯ ᠢ ᠬᠠᠷᠢᠭᠤᠴᠠᠨ᠎ᠠ᠃ ᠲᠦᠷ ᠴᠠᠭ ᠤᠨ ᠠᠪᠤᠷᠠᠨ ᠲᠤᠰᠠᠯᠠᠯᠲᠠ ᠶᠢ ᠡᠷᠦᠬᠡ ᠳᠤ ᠣᠷᠣᠭᠤᠯᠬᠤ᠂ ᠳᠠᠬᠢᠨ ᠬᠢᠨᠠᠬᠤ᠂ ᠬᠠᠶᠢᠷᠤᠪ ᠤᠨ ᠲᠣᠬᠤᠢ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠬᠤ᠂ ᠬᠢᠨᠠᠨ ᠵᠥᠪᠰᠢᠶᠡᠷᠡᠬᠦ᠂ ᠲᠠᠷᠬᠠᠭᠠᠬᠤ᠂ ᠲᠣᠬᠤᠨᠢᠭᠤᠯᠬᠤ ᠠᠵᠢᠯ ᠢ ᠬᠠᠷᠢᠭᠤᠴᠠᠨ᠎ᠠ᠃    ︵ᠭᠤᠷᠪᠠ ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠠᠰᠠᠷᠠᠮᠵᠢ ᠶᠢᠨ ᠭᠡᠷ᠄ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠭᠤᠶᠤᠴᠢᠯᠠᠬᠤ᠂ ᠨᠡᠶᠢᠭᠡᠮ ᠲᠣᠭᠤᠷᠢᠭ ᠤᠨ ᠠᠯᠪᠠᠨ ᠬᠡᠷ ᠤᠨ ᠬᠠᠮᠢᠶᠠᠷᠤᠯᠲᠠ᠂ ᠨᠡᠶᠢᠭᠡᠮ ᠲᠣᠭᠤᠷᠢᠭ ᠤᠨ ᠠᠵᠢᠯᠯᠠᠭ᠎ᠠ ᠳᠤ ᠬᠡᠷᠡᠭᠯᠡᠬᠦ ᠬᠡᠷ ᠪᠠᠶᠢᠰᠢᠩ ᠤᠨ ᠬᠠᠮᠢᠶᠠᠷᠤᠯᠲᠠ᠂ ᠲᠣᠰᠬᠤᠨ ︵ᠰᠠᠭᠤᠭᠠᠯᠢ ᠠᠷᠠᠳ︶᠎ ᠤ ᠵᠥᠪᠯᠡᠯ ᠤᠨ ᠪᠦᠷᠢᠯᠳᠦᠬᠦᠨ ᠤ ᠬᠤᠭᠤᠴᠠᠭ᠎ᠠ ᠰᠣᠯᠢᠬᠤ ᠰᠣᠩᠭᠤᠭᠤᠯᠢ᠂ ᠲᠣᠰᠬᠤᠨ ︵ᠰᠠᠭᠤᠭᠠᠯᠢ ᠠᠷᠠᠳ︶᠎ ᠤ ᠵᠥᠪᠯᠡᠯ ᠤᠨ ᠪᠦᠷᠢᠯᠳᠦᠬᠦᠨ ᠢ ᠨᠥᠬᠦᠵᠦ ᠰᠣᠩᠭᠤᠬᠤ᠂ ᠲᠣᠰᠬᠤᠨ ︵ᠰᠠᠭᠤᠭᠠᠯᠢ ᠠᠷᠠᠳ︶᠎ ᠤ ᠵᠥᠪᠯᠡᠯ ᠤᠨ ᠪᠦᠷᠢᠯᠳᠦᠬᠦᠨ ᠤ ᠴᠠᠯᠢᠩ ᠣᠯᠭᠤᠮᠵᠢ ᠶᠢᠨ ᠲᠥᠰᠦᠯ ᠢ ᠲᠣᠭᠲᠠᠭᠠᠬᠤ ᠶᠢ ᠬᠠᠷᠢᠭᠤᠴᠠᠨ᠎ᠠ᠃      ᠭᠤᠷᠪᠠ᠂ ᠠᠵᠢᠯᠯᠠᠬᠤ ᠬᠠᠶᠢᠭ    ᠬᠠᠶᠢᠷᠤᠪ ᠤᠨ ᠲᠣᠬᠤᠢ ᠲᠣᠭᠤᠷᠢᠭ ᠤᠨ ᠬᠠᠶᠢᠪᠸᠢ ᠶᠡᠭᠡ ᠵᠡᠭᠡᠯᠢ ᠶᠢᠨ 1 ᠳ᠋ᠦ᠋ᠭᠡᠷ ᠲᠣᠭᠠᠲᠤ 142 ᠳ᠋ᠤᠭᠠᠷ ᠭᠡᠷ    ᠳᠥᠷᠪᠡ᠂ ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂  15᠄ 00-18᠄00    ᠲᠠᠪᠤ᠂ ᠬᠠᠷᠢᠯᠴᠠᠬᠤ ᠠᠷᠭ᠎ᠠ ᠮᠠᠶ᠋ᠢᠭ 0473-2052516    ᠵᠢᠷᠭᠤᠭ᠎ᠠ᠂ ᠬᠠᠷᠢᠭᠤᠴᠠᠯᠭᠠᠲᠠᠨ ᠤ ᠣᠪᠣᠭ ᠨᠡᠷ᠎ᠡ᠄ ᠯᠢ ᠯᠢᠶᠠᠩ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号