ᠬᠠᠶᠢᠷᠤᠪ ᠤᠨ ᠲᠤᠬᠤᠢ ᠲᠣᠭᠤᠷᠢᠭ ᠤᠨ ᠭᠡᠷ ᠪᠠᠶᠢᠰᠢᠩ ᠪᠠ ᠠᠳᠠᠯ ᠠᠬᠤᠢ ᠶᠢᠨ ᠦᠢᠯᠡᠴᠢᠯᠡᠭᠡᠨ ᠤ ᠲᠥᠪ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠡᠯᠪᠢᠨ ᠵᠠᠰᠠᠬᠤ ᠪᠡᠯᠡ ᠮᠥᠩᠭᠦ ᠶᠢ ᠬᠤᠷᠢᠶᠠᠨ ᠠᠪᠬᠤ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2024/7/13
    ᠬᠠᠶᠢᠷᠤᠪ ᠤᠨ ᠲᠤᠬᠤᠢ ᠲᠣᠭᠤᠷᠢᠭ ᠤᠨ ᠰᠡᠯᠪᠢᠨ ᠵᠠᠰᠠᠬᠤ ᠪᠡᠯᠡ ᠮᠥᠩᠭᠦ ᠶᠢ ᠬᠤᠷᠢᠶᠠᠨ ᠠᠪᠬᠤ ᠠᠵᠢᠯ ᠢ ᠤᠯᠠᠮ ᠴᠢᠨᠠᠭᠰᠢᠳᠠ ᠴᠢᠩᠭᠠᠳᠬᠠᠵᠤ᠂ ᠥᠮᠴᠢᠲᠡᠨ ᠤ ᠣᠶᠢᠷ᠎ᠠ ᠬᠠᠪᠢ ᠳᠠᠭᠠᠨ ᠲᠤᠰᠢᠶᠠᠨ ᠬᠠᠳᠠᠭᠠᠯᠠᠭᠤᠯᠬᠤ ᠳᠤ ᠲᠦᠬᠦᠮ ᠦᠵᠡᠭᠦᠯᠬᠦ ᠶᠢᠨ ᠲᠥᠯᠥᠭᠡ᠂ ᠮᠠᠨ ᠤ ᠲᠥᠪ ᠠᠴᠠ ᠲᠤᠰᠢᠶᠠᠨ ᠬᠠᠳᠠᠭᠠᠯᠠᠭᠤᠯᠬᠤ ᠪᠠᠩᠬᠢ ᠪᠣᠯᠤᠨ ᠠᠳᠠᠯ ᠠᠬᠤᠢ ᠶᠢᠨ ᠠᠵᠤ ᠠᠬᠤᠶᠢᠯᠠᠯ ᠢ ᠢᠳᠡᠪᠬᠢᠲᠡᠢ ᠵᠣᠬᠢᠴᠠᠭᠤᠯᠵᠤ᠂ ᠠᠰᠠᠷ ᠢ ᠲᠥᠪᠯᠡᠷᠡᠭᠦᠯᠦᠨ ᠲᠤᠰᠢᠶᠠᠨ ᠥᠭᠬᠦ ᠬᠤᠭᠤᠴᠠᠭᠠᠨ ᠳᠤ ᠲᠤᠰᠢᠶᠠᠨ ᠥᠭᠬᠦ ᠲᠤᠬᠠᠢ ᠶᠢᠨ ᠲᠠᠯᠠᠪᠠᠢ ᠳᠤ ᠬᠤᠷᠢᠶᠠᠨ ᠠᠪᠤᠨ᠎ᠠ᠃    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠮᠧᠩ ᠰᠢ ᠶᠠᠩ ᠭᠤᠸᠠᠩ ᠯᠢ ᠹᠦ᠋ ᠪᠠᠭ᠎ᠠ ᠲᠣᠭᠤᠷᠢᠭ ᠭᠡᠷ ᠲᠥᠪᠯᠡᠷᠡᠭᠦᠯᠦᠨ ᠲᠤᠰᠢᠶᠠᠬᠤ ᠳᠤ᠂ ᠮᠠᠨ ᠤ ᠲᠥᠪ ᠬᠠᠮᠲᠤᠷᠠᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠬᠠᠶᠢᠷᠤᠪ ᠤᠨ ᠲᠣᠬᠤᠶ ᠲᠣᠭᠤᠷᠢᠭ ᠤᠨ ᠰᠠᠯᠪᠤᠷᠢ ᠪᠠᠩᠬᠢ ᠲᠥᠪᠯᠡᠷᠡᠭᠦᠯᠦᠨ ᠬᠡᠷ ᠪᠠᠶᠢᠰᠢᠩ ᠲᠤᠰᠢᠶᠠᠬᠤ ᠴᠡᠭ ᠲᠤ ᠬᠠᠶᠢᠷᠤᠪ ᠤᠨ ᠲᠣᠬᠤᠶ ᠲᠣᠭᠤᠷᠢᠭ ᠤᠨ ᠰᠡᠯᠪᠢᠨ ᠵᠠᠰᠠᠬᠤ ᠪᠠᠯᠠ ᠮᠥᠩᠭᠦ ᠶᠢ ᠬᠤᠷᠢᠶᠠᠨ ᠠᠪᠬᠤ ᠭᠠᠵᠠᠷ ᠪᠠᠶᠢᠭᠤᠯᠵᠤ᠂ ᠬᠤᠷᠢᠶᠠᠨ ᠠᠪᠬᠤ ᠠᠵᠢᠯ ᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠬᠡᠷ ᠪᠠᠶᠢᠰᠢᠩ ᠲᠤᠰᠢᠶᠠᠬᠤ ᠶᠠᠪᠤᠴᠠ ᠳᠤ ᠣᠷᠣᠭᠤᠯᠵᠤ᠂ ᠥᠮᠴᠢᠲᠡᠨ ᠤ ᠲᠤᠬᠠᠶ ᠶᠢᠨ ᠲᠠᠯᠠᠪᠤᠷ ᠲᠤ ᠰᠤᠶᠢᠤᠡᠭᠡᠯ ᠲᠤᠰᠢᠶᠠᠬᠤ ᠳᠤ ᠲᠥᠬᠦᠮ ᠦᠵᠡᠭᠦᠯᠪᠡ᠃ ᠡᠭᠦᠨ ᠤ ᠬᠠᠮᠲᠤ᠂ ᠲᠤᠬᠠᠶ ᠶᠢᠨ ᠲᠠᠯᠠᠪᠤᠷ ᠲᠤ ᠥᠮᠴᠢᠲᠡᠨ ᠤ ᠡᠷᠦᠬᠡ ᠰᠠᠯᠭᠠᠬᠤ ᠮᠡᠳᠡᠭᠡ ᠵᠠᠩᠭᠢ ᠶᠢᠨ ᠡᠬᠡ ᠲᠠᠩᠰᠠ ᠶᠢ ᠠᠩᠬ᠎ᠠ ᠠᠯᠬᠤᠮ ᠪᠠᠶᠢᠭᠤᠯᠵᠤ᠂ ᠬᠤᠷᠢᠶᠠᠨ ᠠᠪᠬᠤ ᠠᠵᠢᠯ ᠳᠠᠭᠤᠰᠤᠭᠰᠠᠨ ᠤ ᠳᠠᠷᠠᠭ᠎ᠠ᠂ ᠪᠠᠩᠬᠢ ᠶᠢᠨ ᠡᠷᠦᠬᠡ ᠬᠤᠪᠢᠶᠠᠬᠤ ᠲᠠᠩᠰᠠ ᠵᠢᠴᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠳᠤ ᠰᠠᠶᠢᠨ ᠰᠠᠭᠤᠷᠢ ᠲᠠᠯᠪᠢᠵᠤ ᠥᠭᠴᠡᠶ᠃    ᠳᠠᠷᠠᠭᠠᠴᠢ ᠶᠢᠨ ᠠᠯᠬᠤᠮ ᠳᠤ᠂ ᠮᠠᠨ ᠤ ᠲᠥᠪ ᠠᠵᠢᠯ ᠤᠨ ᠰᠡᠳᠬᠢᠴᠡ ᠪᠠᠨ ᠰᠢᠨᠡᠴᠢᠯᠡᠵᠦ᠂ ᠤᠯᠠᠨ ᠵᠦᠢᠯ ᠤᠨ ᠰᠦᠢᠳᠬᠡᠯ ᠬᠤᠷᠢᠶᠠᠬᠤ ᠠᠷᠭ᠎ᠠ ᠬᠡᠯᠪᠡᠷᠢ ᠶᠢ ᠨᠡᠭᠡᠭᠡᠨ ᠬᠥᠭᠵᠢᠭᠦᠯᠵᠦ᠂ ᠰᠡᠯᠪᠢᠨ ᠵᠠᠰᠠᠬᠤ ᠪᠡᠯᠡ ᠮᠥᠩᠭᠦ ᠶᠢ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠶᠢ ᠪᠠᠲᠤᠯᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号