ᠰᠢᠨᠬᠤᠸᠠ ᠵᠡᠭᠡᠯᠢ ᠭᠤᠳᠤᠮᠵᠢ ᠶᠢᠨ ᠳᠠᠬᠢᠯᠲᠠ ᠡᠬᠢ ᠪᠠᠶᠠᠯᠢᠭ ᠤᠨ ᠥᠷᠲᠡᠭᠡ ᠴᠡᠭ ᠤᠨ ᠬᠠᠮᠲᠤᠷᠠᠭᠰᠠᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/13
    ᠳᠠᠬᠢᠯᠲᠠ ᠡᠬᠢ ᠪᠠᠶᠠᠯᠢᠭ ᠤᠨ ᠥᠷᠲᠡᠭᠡ ᠴᠡᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠢᠨᠬᠤᠸᠠ ᠵᠡᠭᠡᠯᠢ ᠭᠤᠳᠤᠮᠵᠢ ᠬᠠᠶᠢᠷᠤᠪ ᠤᠨ ᠲᠣᠬᠤᠶ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠲᠠᠢ ᠬᠠᠮᠲᠤᠷᠠᠨ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠳᠠᠬᠢᠯᠲᠠ ᠡᠬᠢ ᠪᠠᠶᠠᠯᠢᠭ ᠤᠨ ᠥᠷᠲᠡᠭᠡ ᠴᠡᠭ ᠲᠤ ᠲᠤᠰᠬᠠᠶ ᠪᠠᠶᠢᠴᠠᠭᠠᠯᠲᠠ ᠬᠢᠪᠠ᠃    ᠲᠣᠰ ᠤᠳᠠᠭᠠᠨ ᠤ ᠠᠵᠢᠯᠯᠠᠭ᠎ᠠ ᠨᠢ ᠵᠡᠭᠡᠯᠢ ᠳᠠᠭᠠᠤ ᠶᠢᠨ ᠳᠠᠬᠢᠯᠲᠠ ᠡᠬᠢ ᠪᠠᠶᠠᠯᠢᠭ ᠤᠨ ᠥᠷᠲᠡᠭᠡ ᠴᠡᠭ ᠢ ᠭᠤᠤᠯᠳᠠᠯᠭ᠎ᠠ ᠲᠠᠢ ᠪᠠᠶᠢᠴᠠᠭᠠᠵᠤ᠂ ᠪᠠᠶᠢᠴᠠᠭᠠᠯᠲᠠ ᠶᠢᠨ ᠠᠭᠤᠯᠭ᠎ᠠ ᠨᠢ ᠡᠵᠡᠩᠨᠡᠯᠲᠡ ᠶᠢᠨ ᠥᠮᠴᠢᠲᠡᠨ ᠢ ᠳᠡᠩᠰᠡᠯᠡᠨ ᠲᠡᠮᠳᠡᠭᠯᠡᠬᠦ᠂ ᠡᠳ᠋ ᠪᠣᠳᠠᠰ ᠢ ᠬᠠᠳᠠᠭᠠᠯᠠᠬᠤ ᠵᠢᠷᠤᠮᠵᠢᠯ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠳᠣᠭᠢᠷᠠᠭᠤᠯᠬᠤ᠂ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠪᠠ ᠣᠨᠴᠠ ᠠᠵᠢᠯ ᠤᠨ ᠵᠥᠪᠰᠢᠶᠡᠷᠡᠯ ᠵᠡᠷᠭᠡ ᠲᠠᠯ᠎ᠠ ᠳᠤ ᠬᠤᠯᠪᠣᠭᠳᠠᠵᠤ᠂ ᠳᠠᠬᠢᠯᠲᠠ ᠡᠬᠢ ᠪᠠᠶᠠᠯᠢᠭ ᠤᠨ ᠬᠡᠰᠡᠭ ᠥᠷᠲᠡᠭᠡ ᠴᠡᠭ ᠲᠤ ᠲᠠᠯᠠᠪᠤᠷ ᠭᠠᠵᠠᠷ ᠡᠮᠬᠢ ᠵᠠᠮᠪᠠᠷᠠᠭ᠎ᠠ ᠥᠬᠡᠶ᠂ ᠡᠳ᠋ ᠪᠣᠳᠠᠰ ᠢ ᠵᠠᠳᠠᠭᠠᠶ ᠣᠪᠣᠭᠠᠯᠠᠵᠤ᠂ ᠵᠠᠮ ᠡᠵᠡᠯᠡᠨ ᠡᠵᠡᠩᠨᠡᠬᠦ ᠵᠡᠷᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠪᠠᠶᠢᠴᠠᠭᠠᠬᠤ ᠳᠤᠭᠤᠶᠢᠯᠠᠩ ᠲᠤᠬᠠᠶ ᠶᠢᠨ ᠲᠠᠯᠠᠪᠠᠶ ᠳᠤ ᠡᠵᠡᠩᠨᠡᠭᠴᠢ ᠳᠤ ᠬᠠᠷᠢᠭᠤ ᠲᠤᠰᠬᠠᠵᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠱᠠᠭᠠᠷᠳᠠᠪᠠ︔ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠶᠢᠨ ᠠᠷᠭ᠎ᠠ ᠥᠬᠡᠶ ᠪᠠᠶᠢᠪᠠᠯ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠡᠭᠦᠷᠭᠡᠯᠡᠭᠴᠢ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠰᠡᠭᠦᠯᠡᠷ ᠨᠢ ᠳᠠᠬᠢᠨ ᠪᠠᠶᠢᠴᠠᠭᠠᠵᠤ᠂ ᠠᠰᠠᠭᠤᠳᠠᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠳᠠᠷᠠᠭᠠᠴᠢ ᠶᠢᠨ ᠠᠯᠬᠤᠮ ᠳᠤ᠂ ᠰᠢᠨᠬᠤᠸᠠ ᠵᠡᠭᠡᠯᠢ ᠭᠤᠳᠤᠮᠵᠢ ᠶᠢᠨ ᠬᠢᠨ ᠳᠠᠬᠢᠯᠲᠠ ᠡᠬᠢ ᠪᠠᠶᠠᠯᠢᠭ ᠤᠨ ᠦᠷᠳᠡᠭᠡ ᠴᠡᠭ ᠤᠨ ᠡᠳᠦᠷ ᠲᠤᠳᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠭᠡᠮ ᠰᠣᠭᠤᠭ ᠣᠷᠣᠰᠢᠵᠤ ᠪᠠᠶᠢᠭ᠎ᠠ ᠳᠠᠬᠢᠯᠲᠠ ᠡᠬᠢ ᠪᠠᠶᠠᠯᠢᠭ ᠤᠨ ᠦᠷᠳᠡᠭᠡ ᠴᠡᠭ ᠢ ᠱᠠᠯᠠᠪᠳᠠᠭᠤᠯᠤᠨ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠰᠠᠶᠢᠨ ᠰᠠᠶᠢᠬᠠᠨ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号