ᠬᠠᠶᠢᠷᠤᠪ ᠤᠨ ᠲᠤᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ︽ᠡᠶᠡᠯᠳᠡᠭ ᠬᠥᠷᠰᠢ ᠶᠢᠨ ᠨᠠᠮ ᠤᠨ ᠪᠠᠶᠢᠭᠤᠯᠤᠯᠲᠠ︾᠎ ᠶᠢᠨ ᠠᠵᠢᠯ ᠤᠨ ᠲᠦᠷᠦᠯ ᠲᠡᠮᠳᠡᠭ ᠢ ᠡᠭᠦᠳᠤᠨ ᠪᠠᠶᠢᠭᠤᠯᠪᠠ
ᠨᠡᠶᠢᠲᠡᠯᠡᠭᠰᠡᠨ ᠴᠠᠭ᠄
2024/7/13
    ᠬᠠᠶᠢᠷᠤᠪ ᠤᠨ ᠲᠤᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ︽ᠡᠶᠡᠯᠳᠡᠭ ᠬᠥᠷᠰᠢ ᠶᠢᠨ ᠨᠠᠮ ᠤᠨ ᠪᠠᠶᠢᠭᠤᠯᠤᠯᠲᠠ︾᠎ ᠶᠢᠨ ᠠᠵᠢᠯ ᠤᠨ ᠲᠦᠷᠦᠯ ᠲᠡᠮᠳᠡᠭ ᠢ ᠢᠳᠡᠪᠬᠢᠲᠡᠢ ᠡᠭᠦᠳᠴᠦ᠂ ︽ᠡᠶᠡᠯᠳᠡᠭ ᠬᠥᠷᠰᠢ ᠂ ᠬᠠᠷᠢᠯᠴᠠᠨ ᠬᠠᠪᠰᠤᠷᠤᠯᠴᠠᠬᠤ︾ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠪᠠ᠃    ᠪᠢᠨ ᠾᠧ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠨᠠᠷᠢᠨ ᠨᠢᠮᠪᠠᠶ ᠵᠢᠷᠤᠵᠤ ᠲᠥᠯᠥᠪᠯᠡᠨ᠂ ᠬᠤᠲᠠ ᠶᠢᠨ ᠨᠡᠶᠢᠭᠡᠮ ᠲᠣᠭᠤᠷᠢᠭ ᠤᠨ ᠵᠠᠮ ᠬᠠᠷᠢᠯᠴᠠᠭ᠎ᠠ ᠳᠥᠭᠦᠮ ᠳᠥᠲᠡ ᠰᠤᠯᠠ ᠰᠡᠯᠡᠭᠦᠦ ᠭᠠᠵᠠᠷ ᠲᠤ ᠲᠠᠷᠢᠶᠠᠨ ᠭᠠᠵᠠᠷ ᠤᠨ ᠬᠡᠪ ᠨᠠᠮᠪᠠ ᠶᠢᠨ ︽ᠰᠠᠶᠢᠨ ᠬᠥᠷᠰᠢ ᠵᠡᠷᠭᠡᠯᠡᠳᠡᠭᠡ ᠴᠤᠭᠯᠠᠭ᠎ᠠ ᠮᠠᠶᠢᠮᠠᠶ︾᠎ ᠶᠢ ᠪᠠᠶᠢᠭᠤᠯᠵᠤ᠂ ᠲᠠᠷᠢᠶᠠᠯᠠᠩ ᠳᠤ ᠬᠤᠯᠪᠣᠭᠳᠠᠬᠤ ᠨᠡᠶᠢᠭᠡᠮ ᠲᠣᠭᠤᠷᠢᠭ ᠤᠨ ᠨᠤᠷᠠᠭᠠᠵᠤ ᠨᠡᠭᠦᠯᠭᠡᠬᠦ ᠬᠤᠭᠤᠰᠣᠨ ᠭᠠᠵᠠᠷ ᠲᠤ ︽ᠰᠠᠶᠢᠨ ᠬᠥᠷᠰᠢ ᠵᠡᠷᠭᠡᠯᠡᠳᠡᠭᠡ ᠴᠤᠭᠯᠠᠭ᠎ᠠ ᠮᠠᠶᠢᠮᠠᠶ︾᠎ ᠶᠢ ᠪᠠᠶᠢᠭᠤᠯᠵᠤ᠂ ᠨᠡᠶᠢᠭᠡᠮ ᠤᠨ ᠪᠡᠯᠡ ᠮᠥᠩᠭᠦ ᠶᠢ 400 ᠲᠦᠮᠡᠨ ᠲᠥᠭᠦᠷᠢᠭ ᠣᠷᠣᠭᠤᠯᠤᠨ ᠠᠪᠴᠢᠷᠠᠵᠤ᠂ ᠲᠠᠷᠢᠶᠠᠯᠠᠩ ᠤᠨ ᠰᠣᠶᠣᠯ ᠤᠨ ᠶᠡᠭᠡ ᠴᠤᠭᠯᠠᠭ᠎ᠠ ᠪᠠ ᠢᠳᠡᠰᠢᠨ ᠨᠣᠭᠤᠭ᠎ᠠ ᠢᠯᠭᠠᠬᠤ ᠲᠥᠪ ᠢ ᠪᠠᠶᠢᠭᠤᠯᠬᠤ ᠶᠢᠨ ᠬᠠᠮᠲᠤ ᠠᠷᠠᠳ ᠲᠤ ᠳᠥᠭᠦᠮ ᠢᠳᠡᠰᠢᠨ ᠨᠣᠭᠤᠭ᠎ᠠ ᠬᠠᠩᠭᠠᠬᠤ 20 ᠴᠡᠭ ᠢ ᠣᠷᠣᠭᠤᠯᠤᠨ ᠠᠪᠴᠢᠷᠠᠵᠤ᠂ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠤᠨ ᠢᠯᠭᠠᠨ ᠬᠤᠪᠢᠶᠠᠬᠤ ᠠᠵᠢᠯ ᠨᠢ 500 ᠲᠦᠮᠡᠨ ᠺᠢᠯᠣᠭ᠍ᠷᠠᠮ ᠳᠤ ᠬᠦᠷᠬᠦ ᠪᠣᠯᠤᠨ᠎ᠠ᠃  
 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号