ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ 2024 ᠣᠨ ᠤ ᠵᠤᠨ ᠤ ᠠᠮᠠᠷᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/13
    7 ᠰᠠᠷ᠎ᠠ ᠶᠢᠨ 10᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ 2024 ᠣᠨ ᠤ ᠵᠤᠨ ᠤ ᠠᠮᠠᠷᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃
35195_700x700.jpg
       ᠬᠤᠷᠠᠯ ᠠᠴᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠶᠢᠳᠠᠯ ᠢ ᠡᠭᠦᠳᠦᠨ ᠪᠠᠶᠢᠭᠤᠯᠬᠤ ᠠᠵᠢᠯ᠂ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠰᠤᠷᠭᠠᠭᠤᠯᠢ ︵ᠴᠡᠴᠡᠷᠯᠢᠭ︶ ︽ᠠᠮᠢ ᠨᠠᠰᠤ ᠶᠢ ᠳᠡᠭᠡᠳᠦᠯᠡᠵᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠠᠨᠠᠭᠠᠨ ᠳᠤ ᠦᠭᠡᠢ ᠠᠳᠡᠯ ᠢ ᠰᠡᠷᠭᠡᠶᠢᠯᠡᠬᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠬᠡᠷᠡᠭ ᠶᠠᠪᠤᠳᠠᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ︽ᠬᠤᠶᠠᠷ ᠢ ᠬᠦᠩᠬᠡᠷᠡᠭᠦᠯᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠭᠠᠯ ᠤᠨᠲᠠᠷᠠᠭᠠᠬᠤ ᠦᠯᠡᠳᠡᠭᠳᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠰᠢᠯᠭᠠᠨ ᠠᠪᠬᠤ ᠠᠵᠢᠯ ᠢ ᠵᠤᠨ ᠤ ᠠᠮᠠᠷᠠᠯᠲᠠ ᠶᠢᠨ ᠬᠤᠭᠤᠴᠠᠭᠠᠨ ᠳᠤ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠮᠠᠷᠠᠯᠲᠠ ᠶᠢᠨ ᠬᠤᠭᠤᠴᠠᠭ᠎ᠠ ᠶᠢ ᠠᠰᠢᠭᠯᠠᠨ ︽ᠭᠤᠷᠪᠠᠨ ᠡᠩᠨᠡᠭᠡ︾᠎ ᠶᠢᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ᠪᠣᠯᠪᠠᠰᠤᠷᠠᠭᠤᠯᠵᠤ ᠰᠢᠯᠭᠠᠨ ᠬᠢᠨᠠᠭᠰᠠᠨ ᠦᠷ᠎ᠡ ᠳ᠋ᠦᠩ ᠢ ᠪᠠᠭᠰᠢ ᠶᠢᠨ ᠣᠨ ᠤ ᠰᠢᠯᠭᠠᠨ ᠬᠢᠨᠠᠬᠤ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠬᠤ ᠬᠡᠷᠡᠭᠲᠡᠶ᠃ ᠠᠮᠠᠷᠠᠯᠲᠠ ᠶᠢᠨ ᠬᠤᠭᠤᠴᠠᠭ᠎ᠠ ᠶᠢ ᠠᠰᠢᠭᠯᠠᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ︽ᠬᠤᠶᠠᠷ ᠢ ᠲᠦᠭᠡᠮᠡᠯᠵᠢᠭᠦᠯᠬᠦ︾ ᠠᠵᠢᠯ ᠢ ᠤᠷᠢᠳᠴᠢᠯᠠᠨ ᠪᠠᠶᠢᠷᠢᠯᠠᠭᠤᠯᠵᠤ᠂ ︽ᠬᠤᠶᠠᠷ ᠢ ᠲᠦᠭᠡᠮᠡᠯᠵᠢᠭᠦᠯᠬᠦ︾ ᠠᠵᠢᠯ ᠢ ᠴᠠᠭ ᠲᠤᠬᠠᠶ ᠳᠤᠨᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃    ᠬᠤᠷᠠᠯ ᠠᠴᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠢᠴᠢ ᠨᠢᠭᠡ ᠴᠤᠭᠴᠠᠵᠢᠭᠤᠯᠤᠨ ᠠᠬᠢᠭᠤᠯᠬᠤ ᠭᠤᠷᠪᠠᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃ ᠡᠯ᠎ᠡ ᠨᠢᠭᠡᠴᠢ ᠶᠢᠨ ᠬᠢᠨ ᠭᠤᠷᠪᠠᠨ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠬᠤ ᠦᠵᠡᠯ ᠰᠠᠨᠠᠭᠠᠨ ᠤ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾᠎ ᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠤᠳᠤᠷᠢᠳᠬᠤ ᠪᠠᠭ ᠤᠨ ᠪᠦᠷᠢᠯᠳᠦᠬᠦᠨ ᠨᠡᠷ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾᠎ ᠶᠢ ᠰᠤᠷᠤᠯᠴᠠᠵᠤ ᠰᠤᠳᠤᠯᠤᠨ ᠶᠠᠷᠢᠯᠴᠠᠬᠤ ᠪᠠᠨ ᠴᠢᠩᠭᠠᠳᠬᠠᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠠᠮ ᠤᠨ ᠠᠯᠢᠪᠠ ᠠᠵᠢᠯ ᠢ ᠨᠠᠮ ᠤᠨ ᠡᠭᠦᠷ ᠲᠤ ᠣᠷᠣᠭᠤᠯᠬᠤ᠂ ᠠᠯᠢᠪᠠ ᠠᠵᠢᠯ ᠢ ᠨᠠᠮ ᠤᠨ ᠡᠭᠦᠷ ᠲᠤ ᠲᠦᠰᠢᠭᠯᠡᠬᠦ︾ ᠣᠶᠢᠯᠠᠭᠠᠭᠳᠠᠬᠤᠨ ᠢ ᠴᠢᠩᠭᠠᠳᠬᠠᠵᠤ᠂ ᠨᠠᠮ ᠤᠨ ᠳᠣᠲᠣᠷ᠎ᠠ ᠭᠠᠳᠠᠨᠠᠬᠢ ᠺᠠᠳ᠋ᠷ ᠪᠠ ᠤᠯᠠᠨ ᠲᠦᠮᠡᠨ ᠢ ᠪᠦᠯᠬᠦᠮᠳᠡᠭᠦᠯᠦᠨ ᠵᠣᠬᠢᠶᠠᠨ ᠪᠠᠶᠢᠭᠤᠯᠵᠤ᠂ ᠢᠳᠡᠪᠬᠢᠲᠡᠢ ᠪᠠᠷ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠨᠠᠮ ᠤᠨ ᠪᠠᠶᠢᠭᠤᠯᠤᠯᠲᠠ ᠬᠢᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠤᠶᠠᠷ ᠢ ᠠᠭᠤᠰᠤᠯᠴᠠᠭᠤᠯᠤᠨ ᠬᠤᠶᠠᠷ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ  ᠭᠡᠵᠠᠢ᠃    ᠡᠯ᠎ᠡ ᠰᠤᠷᠭᠠᠭᠤᠯᠢ ︵ᠴᠡᠴᠡᠷᠯᠢᠭ︶ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠢᠳᠡᠪᠬᠢᠲᠡᠶ ᠬᠥᠳᠡᠯᠦᠯᠴᠡᠵᠦ᠂ ᠲᠣᠰ ᠤᠳᠠᠭᠠᠨ ᠤ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠵᠣᠨ ᠤ ᠠᠮᠠᠷᠠᠯᠲᠠ ᠵᠢᠴᠢ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠡᠯ᠎ᠡ ᠵᠤᠶᠢᠯ ᠤᠨ ᠠᠵᠢᠯ ᠢ ᠪᠥᠬᠦ ᠲᠠᠯ᠎ᠠ ᠪᠠᠷ ᠲᠥᠯᠥᠪᠵᠢᠭᠦᠯᠵᠦ᠂ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号