ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠡᠷ ᠲᠤᠨᠢ ᠬᠦᠷᠭᠡᠵᠦ ᠦᠨᠡᠨ ᠰᠡᠳᠭᠢᠯ ᠢᠶᠠᠷ ᠤᠬᠠᠭᠤᠯᠭ᠎ᠠ ᠬᠢᠵᠦ ᠠᠷᠠᠳ ᠤᠨ ᠰᠡᠳᠭᠢᠯ ᠢ ᠲᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/7/13
    ︽ᠬᠡᠷᠡᠯ ᠭᠡᠭᠡ ᠶᠢᠨ ᠠᠶᠠᠯᠠᠯ︾᠎ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠡᠮᠬᠢ ᠵᠢᠷᠤᠮ ᠲᠠᠢ ᠠᠬᠢᠭᠤᠯᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠪᠠ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠂ ᠨᠥᠬᠦᠴᠡᠯ ᠳᠤ ᠨᠡᠶᠢᠴᠡᠬᠦ ᠨᠠᠩ ᠣᠯᠠᠨ ᠬᠦᠴᠢᠷᠳᠡᠯᠲᠡᠶ ᠣᠯᠠᠨ ᠲᠦᠮᠡᠨ ᠳᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠬᠦᠷᠲᠡᠭᠡᠬᠦ ᠶᠢᠨ ᠲᠥᠯᠥᠭᠡ᠂ ᠬᠤᠲᠠ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠰᠢᠨᠬᠤᠸᠠ ᠵᠡᠭᠡᠯᠢ ᠭᠤᠳᠤᠮᠵᠢ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠠᠮᠲᠤᠷᠠᠨ ︽ᠬᠡᠷᠡᠯ ᠭᠡᠭᠡ ᠶᠢᠨ ᠠᠶᠠᠯᠠᠯ︾᠎ ᠤᠨ ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠵᠢᠴᠢ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠠᠵᠢᠯᠲᠠᠳ ᠰᠢᠨᠬᠤᠸᠠ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠤ 57 ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠ ᠣᠨᠴᠠ ᠬᠦᠴᠢᠷᠳᠡᠯᠲᠡᠶ ᠡᠷᠦᠬᠡ ᠶᠢ ᠡᠷᠦᠬᠡ ᠳᠤ ᠬᠦᠷᠴᠦ ᠪᠠᠶᠢᠴᠠᠭᠠᠯᠲᠠ ᠬᠢᠭᠰᠡᠨ ᠪᠥᠭᠡᠳ ᠴᠠᠭᠠᠨ ᠬᠠᠷᠠᠩ᠂ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭᠠᠨ ᠤ ᠬᠠᠷᠠᠭᠠᠨ ᠲᠣᠯᠢ ᠲᠣᠬᠢᠷᠠᠭᠤᠯᠵᠤ ᠵᠠᠯᠠᠷᠠᠭᠤᠯᠬᠤ ᠮᠡᠰᠡ ᠵᠠᠰᠠᠯ ᠬᠢᠬᠦ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠨᠡᠶᠢᠲᠡ 6 ᠴᠠᠭᠠᠨ ᠬᠠᠷᠠᠩ ᠤᠨ ᠡᠪᠡᠳᠴᠢᠨ ᠣᠯᠤᠭᠰᠠᠨ ᠡᠰᠡᠬᠦ ᠶᠢ ᠤᠯᠠᠮ ᠨᠢᠭᠡ ᠠᠯᠬᠤᠮ ᠰᠢᠭᠰᠢᠨ ᠪᠠᠶᠢᠴᠠᠭᠠᠬᠤ ᠴᠢᠬᠤᠯᠠᠲᠠᠶ ᠪᠠᠶᠢᠨ᠎ᠠ᠃ ᠡᠭᠦᠨ ᠤ ᠬᠠᠮᠲᠤ᠂ ᠠᠵᠢᠯᠲᠠᠳ ᠰᠠᠭᠤᠭᠠᠯᠢ ᠠᠷᠠᠳ ᠤᠨ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠵᠠᠶ ᠥᠬᠡᠶ︾ ᠳᠣᠲᠣᠨᠣ ᠦᠢᠯᠡᠴᠢᠯᠡᠭᠡ ᠨᠢ ᠰᠠᠭᠤᠭᠠᠯᠢ ᠠᠷᠠᠳ ᠤᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠰᠢᠨᠬᠤᠸᠠ ᠵᠡᠭᠡᠯᠢ ᠭᠤᠳᠤᠮᠵᠢ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠶᠠᠲᠤ ᠣᠷᠣᠨ ᠤ ᠬᠦᠴᠢᠷᠳᠡᠯᠲᠡᠶ ᠣᠯᠠᠨ ᠲᠦᠮᠡᠨ ᠢ ᠦᠷᠭᠦᠯᠵᠢᠯᠡᠨ ᠠᠩᠬᠠᠷᠴᠤ᠂ ᠲᠡᠳᠡᠨ ᠢ ᠦᠨᠡᠨ ᠬᠦ ᠬᠠᠪᠰᠤᠷᠤᠨ ᠪᠣᠳᠠᠲᠠᠶ ᠠᠰᠠᠭᠤᠳᠠᠯ ᠪᠠ ᠬᠦᠴᠢᠷᠳᠡᠯ ᠢ ᠨᠢ ᠰᠢᠢᠳᠪᠦᠷᠢᠯᠡᠵᠦ᠂ ᠪᠥᠬᠦ ᠨᠡᠶᠢᠭᠡᠮ ᠢᠶᠠᠷ ᠢᠶᠠᠨ ᠬᠦᠴᠢᠷᠳᠡᠯᠲᠡᠶ ᠬᠠᠮᠲᠤᠯᠢᠭ ᠢ ᠬᠠᠯᠠᠮᠵᠢᠯᠠᠨ ᠬᠠᠶᠢᠷᠠᠯᠠᠬᠤ᠂ ᠨᠢᠳᠦᠨ ᠤ ᠡᠷᠡᠭᠦᠯ ᠮᠡᠨᠳᠦ ᠶᠢ ᠠᠩᠬᠠᠷᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠬᠠᠪᠰᠤᠷᠬᠤ ᠴᠢᠬᠤᠯᠠᠲᠠᠶ ᠰᠠᠭᠤᠭᠠᠯᠢ ᠠᠷᠠᠳ ᠨᠢᠭᠡᠪᠦᠷᠢ ᠳᠤ ᠲᠡᠷᠡ ᠳᠠᠷᠤᠶ ᠳᠤᠨᠢ ᠠᠪᠤᠷᠠᠨ ᠲᠤᠰᠠᠯᠠᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠥᠮᠦᠯᠢᠭ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠷᠲᠡᠭᠡᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号