ᠬᠠᠶᠢᠷᠤᠪ ᠤᠨ ᠲᠤᠬᠤᠢ ᠲᠣᠭᠤᠷᠢᠭ ᠤᠨ ᠭᠡᠷ ᠪᠠᠶᠢᠰᠢᠩ ᠪᠠ ᠠᠳᠠᠯ ᠠᠬᠤᠢ ᠶᠢᠨ ᠦᠢᠯᠡᠴᠢᠯᠡᠭᠡᠨ ᠤ ᠲᠥᠪ ᠰᠠᠭᠤᠭᠠᠯᠢ ᠠᠷᠠᠳ ᠲᠤ  ᠤᠶᠢᠯᠡᠴᠢᠯᠡᠭᠡ ᠬᠦᠷᠭᠡᠪᠡ
ᠨᠡᠶᠢᠲᠡᠯᠡᠭᠰᠡᠨ ᠴᠠᠭ᠄
2024/7/13
    ︽︿ᠦᠬᠠᠶ ᠬᠤᠲᠠ ᠶᠢᠨ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠠᠪᠬᠤ ᠳᠤ ᠬᠦᠴᠢᠷᠲᠡᠶ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠵᠠᠰᠠᠭ ᠤᠨ ᠣᠷᠳᠣᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠲᠥᠪ ᠨᠢ 2024 ᠣᠨ ᠤ 7 ᠰᠠᠷ᠎ᠠ ᠶᠢᠨ 4 ᠤ ᠡᠳᠦᠷ ᠠᠴᠠ 2024 ᠣᠨ ᠤ 7 ᠰᠠᠷ᠎ᠠ ᠶᠢᠨ 8 ᠤ ᠡᠳᠦᠷ ᠪᠣᠯᠲᠠᠯ᠎ᠠ ᠠᠵᠢᠯ ᠤᠨ ᠬᠦᠴᠦᠨ ᠢᠶᠠᠨ ᠲᠥᠪᠯᠡᠷᠡᠭᠦᠯᠦᠨ᠂ ᠭᠤᠷᠪᠠᠳᠠᠬᠢ ᠡᠲᠡᠭᠡᠳ ᠲᠠᠢ ᠬᠠᠮᠵᠢᠯᠴᠠᠨ ᠦᠨᠡᠮᠯᠡᠯ ᠭᠦᠢᠴᠡᠳᠭᠡᠬᠦ ᠪᠠᠶᠢᠭᠤᠯᠤᠮᠵᠢ ᠲᠠᠢ ᠬᠠᠮᠵᠢᠯᠴᠠᠨ᠂  ᠴᠠᠭ ᠨᠡᠮᠡᠵᠦ ᠠᠵᠢᠯᠯᠠᠨ ᠢ ᠯᠢᠨ ᠵᠢᠶᠠ ᠶᠤᠸᠠᠨ F ᠲᠣᠭᠤᠷᠢᠭ ᠤᠨ 546 ᠰᠠᠭᠤᠭᠠᠯᠢ ᠠᠷᠠᠳ ᠲᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠲᠡᠭᠦᠯᠳᠡᠷᠵᠢᠭᠦᠯᠬᠦ ᠬᠠᠮᠢᠶ᠎ᠠ ᠪᠦᠬᠦᠢ ᠭᠠᠷᠳᠠᠮ ᠢ ᠭᠦᠢᠴᠡᠳᠬᠡᠵᠦ᠂ ᠣᠲᠣ ᠪᠣᠯᠲᠠᠯ᠎ᠠ ᠨᠢᠭᠡᠨᠲᠡ 475 ᠰᠠᠭᠤᠭᠠᠯᠢ ᠡᠷᠦᠬᠡ ᠳᠤ ᠬᠠᠮᠢᠶ᠎ᠠ ᠪᠥᠬᠦᠶ ᠭᠠᠷᠳᠠᠮ ᠢ ᠭᠦᠢᠴᠡᠳᠬᠡᠵᠦ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠭᠦᠢᠴᠡᠳᠬᠡᠬᠦ ᠨᠥᠬᠦᠴᠡᠯ ᠢ ᠪᠦᠷᠢᠯᠳᠦᠭᠦᠯᠵᠡᠶ᠃ ᠣᠯᠠᠩᠬᠢ ᠲᠣᠭᠠᠨ ᠤ ᠰᠠᠭᠤᠭᠠᠯᠢ ᠡᠷᠦᠬᠡ ᠨᠢᠭᠡᠨᠲᠡ ᠬᠠᠮᠢᠶ᠎ᠠ ᠪᠦᠬᠦᠢ ᠭᠠᠷᠳᠠᠮ ᠢ ᠭᠦᠢᠴᠡᠳᠬᠡᠵᠦ ᠳᠠᠭᠤᠰᠤᠭᠰᠠᠨ ᠪᠣᠯᠬᠤᠷ ᠥᠮᠴᠢᠯᠡᠬᠦ ᠡᠷᠬᠡ ᠶᠢᠨ ᠦᠨᠡᠮᠯᠡᠯ ᠢ ᠲᠥᠪᠯᠡᠷᠡᠭᠦᠯᠦᠨ ᠭᠦᠢᠴᠡᠳᠬᠡᠬᠦ ᠠᠵᠢᠯ ᠢ ᠲᠦᠷ ᠴᠠᠭ ᠨᠢᠭᠡᠨᠲᠡ ᠵᠣᠭᠰᠣᠭᠠᠵᠤ᠂ ᠦᠯᠡᠳᠡᠭᠰᠡᠨ ᠦᠭᠡᠢ ᠭᠠᠷ ᠭᠦᠢᠴᠡᠳᠬᠡᠯ ᠬᠢᠭᠰᠡᠨ ᠰᠠᠭᠤᠭ᠎ᠠ ᠡᠷᠦᠬᠡ ᠨᠢ ᠭᠤᠷᠪᠠᠳᠠᠬᠢ ᠡᠲᠡᠭᠡᠳ ᠤᠨ ᠠᠵᠢᠯᠯᠠᠬᠤ ᠭᠠᠵᠠᠷ ᠲᠤ ᠰᠢᠭᠤᠳ ᠬᠦᠷᠴᠦ ᠥᠯᠥ ᠬᠥᠳᠡᠯᠬᠦ ᠬᠥᠷᠥᠩᠭᠡ ᠶᠢᠨ ᠦᠨᠡᠮᠯᠡᠯ ᠤᠨ ᠬᠠᠮᠢᠶ᠎ᠠ ᠪᠦᠬᠦᠢ ᠭᠠᠷᠳᠠᠮ ᠢ ᠭᠦᠢᠴᠡᠳᠬᠡᠵᠦ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号