ᠬᠠᠶᠢᠷᠤᠪ ᠤᠨ ᠲᠤᠬᠤᠢ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2024/7/16
    7 ᠰᠠᠷ᠎ᠠ ᠶᠢᠨ 11᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠦᠬᠠᠢ ᠪᠠᠩᠬᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠭᠡᠷ᠎ᠡ ᠲᠣᠭᠲᠠᠬᠤ ᠶᠣᠰᠣᠯᠠᠯ ᠳᠤ ᠣᠷᠣᠯᠴᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠤᠳᠥᠪᠢᠯᠢᠭ ᠬᠤᠷᠠᠯ ᠢ ᠡᠷᠬᠢᠯᠡᠪᠡ᠃
35253_700x700.png   
    ᠲᠤᠰ ᠤᠳᠠᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠠᠮᠵᠢᠯᠲᠠ ᠲᠠᠢ ᠭᠠᠷ ᠤᠨ ᠦᠰᠦᠭ ᠵᠢᠷᠤᠭᠰᠠᠨ ᠨᠢ ︽ᠵᠠᠰᠠᠭ ᠤᠨ ᠶᠠᠪᠤᠳᠠᠯ ᠤᠨ ᠮᠥᠩᠭᠦᠨ ᠭᠦᠢᠯᠭᠡᠭᠡ︾᠎ ᠶᠢᠨ ᠦᠢᠯᠡᠴᠢᠯᠡᠭᠡᠨ ᠤ ᠰᠢᠨ᠎ᠡ ᠪᠠᠶᠢᠳᠠᠯ ᠢ ᠴᠢᠨᠠᠭᠰᠢᠳᠠ ᠠᠬᠢᠭᠤᠯᠵᠤ᠂ ᠮᠥᠩᠭᠦᠨ ᠭᠦᠢᠯᠭᠡᠭᠡ ᠪᠣᠯᠤᠨ ᠬᠤᠳᠠ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠬᠠᠮᠲᠤᠪᠠᠷ ᠰᠦᠪᠡᠭᠴᠢᠯᠡᠵᠦ᠂ ᠥᠷᠭᠡᠨ ᠤᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠳᠥᠭᠦᠮ ᠳᠥᠲᠡ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠵᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ᠂ ᠬᠠᠮᠲᠤᠷᠠᠯᠴᠠᠵᠤ ᠬᠠᠮᠲᠤᠪᠠᠷ ᠠᠰᠢᠭ ᠬᠦᠷᠳᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠪᠣᠯᠤᠨ᠎ᠠ᠃    ᠬᠠᠶᠢᠷᠤᠪ ᠤᠨ ᠲᠤᠬᠤᠢ ᠲᠣᠭᠤᠷᠢᠭ ᠤᠨ ᠬᠢᠨ ᠭᠡᠷ᠎ᠡ ᠲᠣᠭᠲᠠᠬᠤ ᠪᠠᠷ ᠰᠢᠨ᠎ᠡ ᠭᠠᠷᠤᠭ᠎ᠠ ᠪᠣᠯᠭᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠨᠡᠶᠢᠭᠡᠮ ᠤᠨ ᠵᠠᠰᠠᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠲᠠᠯ᠎ᠠ ᠪᠠᠷ ᠦᠬᠠᠢ ᠪᠠᠩᠬᠢ ᠲᠠᠢ ᠭᠦᠨᠵᠡᠭᠡᠢ ᠬᠠᠮᠲᠤᠷᠠᠯᠴᠠᠵᠤ᠂ ᠬᠤᠶᠠᠷ ᠲᠠᠯ᠎ᠠ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠪᠠᠷ ᠬᠥᠭᠵᠢᠬᠦ ᠶᠢ ᠨᠡᠩ ᠰᠠᠶᠢᠲᠤᠷ ᠠᠬᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号