ᠵᠠᠭᠤᠨ ᠬᠠᠤᠯᠢᠴᠢ ᠬᠥᠳᠡᠭᠡ ᠲᠣᠰᠬᠤᠨ ᠳᠤ ᠬᠦᠷᠴᠦ ᠰᠢᠨᠬᠤᠸᠠ ᠬᠠᠤᠯᠢ ᠴᠠᠭᠠᠵᠠ ᠶᠢᠨ ᠭᠠᠵᠠᠷ ᠺᠠᠩ ᠯᠧ ᠨᠡᠶᠢᠭᠡᠮ ᠲᠣᠭᠤᠷᠢᠭ ᠲᠠᠢ ᠬᠠᠮᠲᠤᠷᠠᠨ ᠬᠠᠤᠯᠢ ᠴᠠᠭᠠᠵᠠ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/2
    ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠪᠦᠬᠦ ᠠᠷᠠᠳ ᠤᠨ ︽ᠵᠠᠭᠤᠨ ᠬᠠᠤᠯᠢᠴᠢ ᠶᠢ ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 2024 ᠣᠨ ᠤ 7 ᠰᠠᠷ᠎ᠠ ᠶᠢᠨ 1᠎ ᠤ ᠡᠳᠦᠷ᠂ ᠰᠢᠨᠬᠤᠸᠠ ᠬᠠᠤᠯᠢ ᠴᠠᠭᠠᠵᠠ ᠶᠢᠨ ᠭᠠᠵᠠᠷ ᠺᠠᠩ ᠯᠧ ᠨᠡᠶᠢᠭᠡᠮ ᠲᠣᠭᠤᠷᠢᠭ ᠲᠠᠢ ᠬᠠᠮᠲᠤᠷᠠᠨ ︽ᠬᠠᠤᠯᠢ ᠴᠠᠭᠠᠵᠠ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ᠠᠵᠢᠯᠯᠠᠭ᠎ᠠ ᠥᠷᠨᠢᠭᠦᠯᠵᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ     ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠠᠮᠢᠳᠤᠯᠢᠭ ᠪᠥᠭᠡᠳ ᠬᠡᠷᠡᠭᠯᠡᠭᠡᠨ ᠤ ᠬᠠᠤᠯᠢ ᠴᠠᠭᠠᠵᠠ ᠶᠢᠨ ᠬᠢᠴᠢᠶᠡᠯ ᠤᠨ ᠲᠠᠩᠬᠢᠮ ᠢ ᠠᠪᠴᠢᠷᠠᠭᠰᠠᠨ ᠪᠠᠶᠢᠨ᠎ᠠ᠃
35935_700x700.png   
    ᠬᠠᠤᠯᠢ ᠪᠠᠷ ᠵᠠᠰᠠᠬᠤ ᠳᠡᠳ᠋ ᠡᠷᠬᠢᠯᠡᠭᠴᠢ ᠳ᠋ᠢᠩ ᠯᠢ ᠫᠢᠩ ᠬᠠᠤᠯᠢᠴᠢ ᠡᠩ ᠲᠡᠷᠢᠭᠦᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠎ ᠤᠨ ᠦᠨᠳᠦᠰᠦᠨ ᠵᠠᠷᠴᠢᠮ ᠪᠠ ᠴᠢᠬᠤᠯᠠ ᠠᠴᠢ ᠬᠤᠯᠪᠣᠭᠳᠠᠯ ᠢ ᠲᠠᠨᠢᠯᠴᠠᠭᠤᠯᠵᠤ᠂ ᠥᠪᠡᠷ ᠤᠨ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠬᠡᠳᠦᠨ ᠪᠠᠶᠢᠩᠭᠤ ᠲᠣᠬᠢᠶᠠᠯᠳᠤᠬᠤ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠤᠷᠤᠭ ᠤᠨ ᠬᠠᠤᠯᠢ ᠬᠢᠭᠡᠳ ᠠᠳᠠᠯ ᠠᠬᠤᠶ ᠶᠢᠨ ᠬᠠᠤᠯᠢ ᠶᠢᠨ ᠬᠤᠯᠪᠣᠭᠳᠠᠯ ᠪᠥᠬᠦᠶ ᠵᠦᠢᠯ ᠵᠤᠷᠪᠤᠰ ᠢ ᠨᠠᠷᠢᠨ ᠨᠢᠮᠪᠠᠶ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠬᠡᠷᠬᠢᠨ ᠬᠠᠤᠯᠢ ᠴᠠᠭᠠᠵᠠ ᠳᠤ ᠲᠦᠰᠢᠭᠯᠡᠨ ᠡᠷᠬᠡ ᠪᠠᠨ ᠬᠡᠷᠡᠭᠵᠢᠭᠦᠯᠬᠦ᠂ ᠡᠭᠦᠷᠭᠡ ᠪᠠᠨ ᠭᠦᠢᠴᠡᠳᠬᠡᠬᠦ ᠶᠢ ᠬᠥᠲᠥᠯᠦᠨ ᠵᠢᠯᠣᠭᠤᠳᠴᠤ᠂ ᠬᠡᠷᠬᠢᠨ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠵᠥᠷᠢᠴᠡᠯ ᠵᠢᠭᠤᠷᠠᠯᠳᠤᠭᠠᠨ ᠢ ᠰᠢᠢᠤᠡᠪᠤᠷᠢᠯᠡᠵᠤ᠂ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠲᠤᠬᠠᠶ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠳᠠᠮᠵᠢᠭᠤᠯᠪᠠ᠃
35936_700x700.png   
     ︽ᠬᠠᠤᠯᠢ ᠴᠠᠭᠠᠵᠠ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ᠠᠵᠢᠯᠯᠠᠭ᠎ᠠ ᠪᠠᠷ ᠳᠠᠮᠵᠢᠭᠤᠯᠤᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢᠳᠤᠷᠠᠯ ᠤᠨ ᠳᠤᠮᠳᠠ ᠲᠤᠯᠭᠠᠷᠠᠭᠰᠠᠨ ᠡᠯ᠎ᠡ ᠲᠥᠷᠥᠯ ᠤᠨ ᠬᠠᠤᠯᠢ ᠴᠠᠭᠠᠵᠠ ᠶᠢᠨ ᠠᠰᠠᠭᠤᠳᠠᠯ ᠢ ᠨᠠᠩ ᠰᠠᠶᠢᠲᠤᠷ ᠰᠢᠢᠳᠪᠦᠷᠢᠯᠡᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号