ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/2
    5 ᠰᠠᠷ᠎ᠠ ᠶᠢᠨ 22᠎ ᠤᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠫᠧᠩ ᠸᠧᠨ ᠰᠢᠶᠠᠩ ᠪᠦᠯᠬᠦᠮ ᠳᠠᠭᠠᠭᠤᠯᠤᠨ ᠶᠦᠨ ᡁᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠯᠠᠩ ᠬᠠᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠣᠯᠤᠨ ᠰᠢᠨᠬᠤᠸᠠ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃
34709_700x700.png   
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠢᠯᠯᠠᠬᠤ ᠭᠠᠵᠠᠷ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠠᠷᠢᠭᠤ ᠮᠡᠳᠡᠭᠦᠯᠦᠯᠲᠡ ᠶᠢ ᠰᠣᠨᠣᠰᠬᠤ ᠬᠡᠯᠪᠡᠷᠢ ᠪᠠᠷ ᠳᠠᠮᠵᠢᠭᠤᠯᠤᠨ᠂ ᠬᠤᠶᠠᠷ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠣᠯᠤᠨ ᠰᠢᠨᠬᠤᠸᠠ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠤᠨ ᠦᠨᠳᠦᠰᠦᠨ ᠪᠠᠶᠢᠳᠠᠯ᠂ ᠨᠠᠮ ᠤᠨ ᠪᠠᠶᠢᠭᠤᠯᠤᠯᠲᠠ ᠶᠢᠨ ᠠᠵᠢᠯ᠂ ᠡᠩᠨᠡᠭᠡᠨ ᠤ ᠪᠠᠶᠢᠭᠤᠯᠤᠯᠲᠠ᠂ ᠳᠣᠲᠣᠭᠠᠳᠤ ᠶᠢᠨ ᠬᠠᠮᠢᠶᠠᠷᠤᠯᠲᠠ ᠵᠢᠴᠢ ᠲᠤᠬᠠᠶᠢᠯᠠᠭᠰᠠᠨ ᠠᠵᠢᠯ ᠤᠨ ᠬᠥᠭᠵᠢᠯᠲᠡ ᠵᠡᠷᠭᠡ ᠡᠯ᠎ᠡ ᠵᠦᠢᠯ ᠤᠨ ᠠᠵᠢᠯ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠬᠤᠶᠠᠷ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠣᠯᠤᠨ ᠰᠢᠨᠬᠤᠸᠠ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠤᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠪᠣᠯᠤᠨ ᠲᠤᠬᠠᠶᠢᠯᠠᠭᠰᠠᠨ ᠠᠵᠢᠯ ᠤᠨ ᠬᠥᠭᠵᠢᠯᠲᠡ ᠵᠡᠷᠭᠡ ᠲᠠᠯ᠎ᠠ ᠪᠠᠷ ᠣᠯᠤᠭᠰᠠᠨ ᠠᠵᠢᠯ ᠤᠨ ᠠᠮᠵᠢᠯᠲᠠ ᠶᠢ ᠭᠦᠢᠴᠡᠳ ᠨᠤᠲᠠᠯᠠᠬᠤ ᠶᠢᠨ ᠬᠠᠮᠲᠤ ᠬᠠᠶᠢᠷᠤᠪ ᠤᠨ ᠲᠤᠬᠤᠢ ᠲᠣᠭᠤᠷᠢᠭ ᠤᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠣᠯᠤᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠤᠨ ᠵᠢᠷᠤᠮᠵᠢᠭᠰᠠᠨ ᠪᠠᠶᠢᠭᠤᠯᠤᠯᠲᠠ ᠪᠣᠯᠤᠨ ᠡᠩᠨᠡᠭᠡᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠲᠤᠬᠠᠢ ᠵᠢᠯᠣᠭᠤᠳᠬᠤ ᠰᠠᠨᠠᠯ ᠳᠤᠷᠠᠳᠪᠠ᠃
34710_700x700.png   
    ᠫᠧᠩ ᠸᠧᠨ ᠰᠢᠶᠠᠩ ᠵᠢᠭᠠᠵᠤ ᠭᠠᠷᠭᠠᠭᠰᠠᠨ ᠨᠢ᠄ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠤᠶᠢᠯᠡᠴᠢᠯᠡᠭᠡᠨ ᠤ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠤᠡ ᠪᠠᠳᠠᠷᠠᠭᠤᠯᠵᠤ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠤᠶᠢᠯᠡᠴᠢᠯᠡᠵᠤ᠂ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠤᠶᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨ ᠬᠦ ᠭᠦᠢᠴᠡᠤᠡᠭᠡᠵᠤ᠂ ᠬᠠᠶᠢᠷᠤᠪ ᠤᠨ ᠲᠣᠬᠤᠶ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ᠃ ᠭᠤᠷᠪᠠ ᠳᠤ᠂ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢᠴᠢ ᠶᠢᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠣᠯᠤᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠷᠢᠶ᠎ᠡ ᠪᠠᠨ ᠲᠠᠰᠤᠷᠠᠯᠳᠠ ᠦᠭᠡᠢ ᠥᠷᠭᠡᠳᠬᠡᠵᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠠᠵᠢᠯ ᠲᠦᠷᠦᠯ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠪᠡ᠃
34711_700x700.png
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号