ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/7/2
    ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ 7 ᠰᠠᠷ᠎ᠠ ᠶᠢᠨ 1᠎ ᠤ ᠡᠳᠦᠷ ᠪᠣᠯᠲᠠᠯ᠎ᠠ᠂ ᠶᠢᠰᠦᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶ᠎ᠠ ᠶᠢᠨ ᠵᠢᠷᠭᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠨᠢ ᠨᠢᠭᠡᠨᠲᠡ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠠᠵᠢᠯᠴᠢᠨ ᠤ ᠪᠠᠯᠠ ᠣᠷᠣᠭᠤᠯᠤᠯᠲᠠ ᠶᠢᠨ ᠺᠣᠮᠫᠠᠨᠢ ᠶᠢᠨ ᠨᠠᠮ ᠤᠨ ᠬᠤᠷᠢᠶ᠎ᠠ᠂ ᠬᠠᠶ ᠪᠸᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠵᠡᠷᠭᠡ 15 ᠲᠣᠭᠤᠷᠢᠨ ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠭᠳᠠᠭᠰᠠᠨ ᠪᠠᠶᠢᠳᠠᠯ ᠤᠨ ᠬᠠᠷᠢᠭᠤ ᠲᠤᠰᠬᠠᠯ ᠢ ᠪᠡᠶᠡᠯᠡᠭᠦᠯᠪᠡ᠃ ᠬᠠᠷᠢᠭᠤ ᠲᠤᠰᠬᠠᠬᠤ ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠨᠥᠬᠦᠷ ᠤᠨ ᠲᠣᠭᠤᠷᠢᠨ ᠪᠠᠶᠢᠴᠠᠭᠠᠬᠤ ᠶᠡᠷᠦᠩᠬᠡᠶᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠨᠠᠮ ᠤᠨ ᠲᠥᠪ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠴᠠᠭᠳᠠᠨ ᠪᠠᠶᠢᠴᠠᠭᠠᠭᠳᠠᠵᠤ ᠪᠠᠶᠢᠭ᠎ᠠ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃    ᠬᠠᠷᠢᠭᠤ ᠲᠤᠰᠬᠠᠯ ᠳᠤ᠂ ᠡᠯ᠎ᠡ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠴᠥᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠴᠢᠳᠠᠨ᠎ᠠ᠃    ᠬᠠᠷᠢᠭᠤ ᠲᠤᠰᠬᠠᠯ ᠨᠢ ᠪᠠᠰᠠ ᠴᠠᠭᠳᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠵᠢᠭᠠᠵᠤ ᠭᠠᠷᠭᠠᠪᠠ᠃ ᠵᠠᠷᠢᠮ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠨᠠᠮ ᠤᠨ ᠲᠥᠪ ᠬᠤᠷᠢᠶ᠎ᠠ ᠵᠢᠴᠢ ᠡᠯ᠎ᠡ ᠱᠠᠲᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠨᠢ ᠮᠥᠨ ᠯᠡ ᠵᠥᠷᠢᠶ᠎ᠡ ᠲᠠᠢ ᠪᠠᠶᠢᠨ᠎ᠠ︔ ᠵᠠᠷᠢᠮ ᠨᠢ ᠠᠷᠠᠳ ᠲᠦᠮᠡᠨ ᠳᠤ ᠦᠢᠯᠡᠴᠢᠯᠡᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠪᠠᠰᠠ ᠬᠦᠷᠦᠯᠴᠡᠬᠦ ᠦᠭᠡᠢ ᠪᠠᠶᠢᠨ᠎ᠠ᠃    ᠬᠠᠷᠢᠭᠤ ᠲᠤᠰᠬᠠᠯ ᠳᠤ᠂ ᠡᠯ᠎ᠡ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠶᠣᠰᠣ ᠲᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠡᠷᠬᠡ ᠶᠢᠨ ᠠᠵᠢᠯᠯᠠᠭᠠᠨ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠨ ᠪᠣᠳᠠᠲᠠᠢ ᠠᠳᠬᠤᠵᠤ ᠰᠠᠶᠢᠲᠤᠷ ᠠᠳᠬᠤᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠬᠠᠷᠢᠭᠤᠴᠠᠯᠭᠠᠲᠤ ᠤᠬᠠᠮᠰᠠᠷ ᠢᠶᠠᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠨᠡᠬᠦ ᠡᠭᠦᠷᠭᠡ ᠶᠢ ᠰᠠᠶᠢᠲᠤᠷ ᠣᠶᠢᠯᠠᠭᠠᠵᠤ᠂ ᠰᠠᠶᠢᠲᠤᠷ ᠡᠭᠦᠷᠭᠡᠯᠡᠵᠦ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠨ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠨ ᠪᠦᠬᠦᠯᠢ ᠴᠣᠭᠴᠠ ᠶᠢᠨ ᠠᠵᠢᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃    ᠬᠠᠷᠢᠭᠤ ᠲᠤᠰᠬᠠᠬᠤ ᠳᠠᠭᠠᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠤᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠳᠦᠷ ᠲᠤᠳᠤᠮ ᠤᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠦᠭᠡᠢ᠂ ᠬᠠᠰᠢ ᠶᠠᠰᠢ ᠪᠠᠷ ᠠᠷᠭᠠᠴᠠᠭᠰᠠᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号