ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 130 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/25
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 130 ᠳ᠋ᠤᠭᠠᠷ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠨ ᠪᠣᠬᠢᠷᠲᠤᠯ ᠥᠬᠡᠶ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠥᠭᠭᠦᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ᠂ ︽ᠦᠨᠡᠨ︾ ᠰᠡᠳᠬᠦᠯ ᠤᠨ 2024 ᠣᠨ ᠤ 14 ᠳ᠋ᠦᠭᠡᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ︿ᠳᠥᠷᠪᠡᠨ ᠵᠤᠶᠢᠯ ᠤᠨ ᠬᠡᠯᠪᠡᠷᠢ ᠪᠠᠶᠢᠳᠠᠯ﹀᠎ ᠢ ᠣᠨᠣᠪᠴᠢᠲᠠᠶ ᠬᠡᠷᠡᠭᠯᠡᠬᠦ ᠲᠤᠬᠠᠶ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠲᠠᠩ ᠢ ᠨᠥᠬᠦᠷ ᠤᠨ ᠦᠬᠠᠶ ᠬᠤᠲᠠ ᠶᠢᠨ ᠠᠵᠢᠯᠴᠢᠨ ᠤ ᠡᠪᠯᠡᠯ ᠤᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠰᠣᠨᠣᠰᠪᠠ︔ ᠲᠠᠪᠤᠨ ᠶᠡᠭᠡ ᠡᠭᠦᠷᠭᠡ ᠶᠢ ᠬᠢᠨᠠᠨ ᠰᠢᠯᠭᠠᠬᠤ ᠠᠵᠤ ᠠᠬᠤᠶ ᠶᠢᠨ ᠭᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠵᠢᠴᠢ ᠬᠠᠶᠢᠷᠤᠪ ᠤᠨ ᠲᠣᠬᠤᠢ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ᠂ ᠬᠠᠶᠢᠷᠤᠪ ᠤᠨ ᠲᠣᠬᠤᠢ ᠲᠣᠭᠤᠷᠢᠭ ᠤᠨ 2021 ᠣᠨ ᠤ ᠨᠠᠮᠤᠷ ᠤᠨ ᠤᠯᠠᠷᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠲᠥᠰᠦᠯ ︵ᠬᠢᠨᠠᠨ ᠵᠥᠪᠯᠡᠬᠦ ᠨᠣᠤᠷᠠᠭ︶︾᠎ ᠢ ᠬᠢᠨᠠᠨ ᠵᠥᠪᠯᠡᠵᠦ ᠪᠠᠲᠤᠯᠠᠪᠠ︔ ︽ᠬᠠᠶᠢᠷᠤᠪ ᠤᠨ ᠲᠣᠬᠤᠢ ᠲᠣᠭᠤᠷᠢᠭ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯ ᠤᠨ ᠠᠵᠢᠯᠲᠠᠨ ᠵᠢᠴᠢ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠬᠢᠭᠦᠯᠦᠨ ᠰᠠᠶᠢᠰᠢᠶᠠᠬᠤ ᠡᠲᠡᠭᠡᠳ ᠤᠨ ᠨᠡᠷᠡᠰ ︵ᠬᠦᠷᠭᠡᠨ ᠬᠢᠨᠠᠭᠤᠯᠬᠤ ᠨᠣᠤᠷᠠᠭ︶︾᠎ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠬᠠᠶᠢᠷᠤᠪ ᠤᠨ ᠲᠣᠬᠤᠢ ᠲᠣᠭᠤᠷᠢᠭ ᠤᠨ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠰᠦᠨ ᠬᠤᠤ᠂ ᠬᠥᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠵᠢᠯᠣᠭᠤᠳᠤᠮᠵᠢ ᠪᠣᠯᠭᠠᠬᠤ ᠬᠡᠷᠡᠭᠲᠡᠢ︔ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠪᠠᠷ ᠵᠣᠷᠢᠯᠲᠠ ᠪᠠ ᠲᠤᠰᠤᠯᠲᠠ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ︔ ︽ᠭᠤᠷᠪᠠ ᠶᠢ ᠨᠡᠶᠢᠳᠬᠡᠬᠦ︾᠎ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠢ︔ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠬᠤ ᠬᠡᠷᠡᠭᠲᠡᠢ︔ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠲᠥᠪ ᠭᠤᠣᠯᠴᠢ ᠲᠣᠭᠲᠠᠭᠤᠨ ᠨᠡᠶᠢᠭᠡᠮ ᠤᠨ ᠡᠮᠬᠢ ᠳᠢᠭᠯᠢᠮ ᠢ ᠪᠠᠶᠢᠭᠤᠯᠬᠤ ᠬᠡᠷᠡᠭᠲᠡᠢ︔ ᠠᠷᠠᠳ ᠤᠨ ᠠᠮᠢᠳᠤᠷᠠᠯ ᠤᠨ ᠲᠦᠷᠢᠮ ᠤᠨ ᠰᠢᠰᠲ᠋ᠧᠮ ᠢ ᠪᠠᠲᠤᠯᠠᠨ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠡᠶᠢᠭᠡᠮ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠲᠠᠰᠤᠷᠠᠯᠳᠠ ᠦᠭᠡᠢ ᠰᠢᠯᠢᠳᠡᠭᠵᠢᠭᠦᠯᠬᠦ ᠬᠡᠷᠡᠭᠲᠡᠢ᠃ ᠡᠯ᠎ᠡ ᠬᠦᠷᠢᠶ᠎ᠡ ᠡᠯ᠎ᠡ ᠲᠠᠯ᠎ᠠ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠬᠤ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ︾ ᠴᠢᠬᠤᠯᠠ ᠵᠢᠭᠠᠪᠤᠷᠢ ᠱᠠᠭᠠᠷᠳᠠᠯᠭ᠎ᠠ ᠶᠢ ᠠᠵᠢᠯ ᠤᠨ ᠵᠢᠷᠤᠮᠯᠠᠯ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ︔ ᠡᠯ᠎ᠡ ᠲᠥᠷᠥᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠩᠬᠠᠷᠴᠤ᠂ ᠠᠰᠠᠭᠤᠳᠠᠯ ᠢ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ︔ ︽ᠳᠣᠯᠤᠭ᠎ᠠ ᠶᠢ ᠵᠠᠰᠠᠬᠤ︾ ᠠᠵᠢᠯ ᠢ ᠭᠦᠨᠵᠡᠭᠡᠶᠢᠷᠡᠭᠦᠯᠬᠦ ᠠᠷᠪᠠᠨ ᠬᠤᠶᠠᠷ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ ᠬᠦᠴᠦᠯᠡᠵᠦ᠂ ᠦᠵᠡᠰᠬᠦᠯᠡᠩᠲᠦ ᠰᠠᠶᠢᠬᠠᠨ ᠬᠠᠶᠢᠷᠤᠪ ᠤᠨ ᠲᠣᠬᠤᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠳᠣᠣᠷ᠎ᠠ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠣᠯᠤᠨ ᠡᠯ᠎ᠡ ᠵᠦᠢᠯ ᠤᠨ ᠠᠵᠢᠯ ᠢ ᠳᠡᠮᠵᠢᠵᠦ᠂ ᠡᠯ᠎ᠡ ᠲᠦᠷᠦᠯ ᠤᠨ ᠨᠡᠶᠢᠭᠡᠮ ᠤᠨ ᠬᠦᠴᠦᠨ ᠢ ᠲᠠᠶᠢᠴᠢᠯᠠᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠥᠷᠭᠡᠨ ᠢᠶᠠᠷ ᠣᠷᠣᠯᠴᠠᠭᠤᠯᠬᠤ ᠬᠡᠷᠡᠭᠲᠡᠶ᠃ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠠᠵᠤ ᠠᠬᠤᠢ ᠶᠢ ᠠᠳᠬᠤᠬᠤ ᠰᠡᠳᠬᠢᠬᠦᠢ ᠶᠢ ᠪᠤᠢ ᠪᠣᠯᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠡᠭᠦᠷᠭᠡᠯᠡᠨ ᠠᠵᠢᠯᠯᠠᠵᠤ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠡᠭᠦᠷᠭᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ︔ ᠨᠢᠭᠡ ᠴᠣᠭᠴᠠᠵᠢᠭᠤᠯᠤᠭᠰᠠᠨ ᠠᠵᠢᠯ ᠤᠨ ᠰᠡᠳᠬᠢᠬᠦᠢ ᠪᠠ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ ᠡᠷᠴᠢᠮ ᠢᠶᠠᠷ᠂ ᠨᠢᠭᠲᠠ ᠬᠡᠯᠪᠡᠷᠢ ᠶᠢᠨ ᠬᠤᠳᠠ ᠶᠢᠨ ᠡᠮᠴᠢᠯᠡᠭᠡᠨ ᠤ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠡᠪᠡᠳᠴᠢᠲᠡᠨ ᠢ ᠲᠤᠬᠠᠢ ᠶᠢᠨ ᠭᠠᠵᠠᠷ ᠲᠤᠨᠢ ᠣᠨᠣᠰᠢᠯᠠᠨ ᠡᠮᠨᠡᠬᠦ ᠪᠠ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠰᠠᠶᠢᠨ ᠦᠢᠯᠡᠳᠦᠯᠴᠡᠯ ᠢ ᠪᠦᠷᠢᠯᠳᠦᠭᠦᠯᠬᠦ ᠬᠡᠷᠡᠭᠲᠡᠢ  ᠭᠡᠵᠤ ᠭ᠊ ᠬᠡᠯᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号