2024 ᠣᠨ ᠤ ᠳᠡᠭᠡᠷ᠎ᠡ ᠬᠠᠭᠠᠰ ᠵᠢᠯ ᠤᠨ ᠬᠠᠶᠢᠷᠤᠪ ᠤᠨ ᠲᠤᠬᠤᠢ ᠲᠣᠭᠤᠷᠢᠭ ᠤᠨ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ  3.2% ᠨᠡᠮᠡᠭᠳᠡᠪᠡ
ᠨᠡᠶᠢᠲᠡᠯᠡᠭᠰᠡᠨ ᠴᠠᠭ᠄
2024/7/28
    ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠦᠬᠠᠶ ᠶᠢᠨ ᠪᠠᠶᠢᠴᠠᠭᠠᠬᠤ ᠠᠩᠭᠢ ᠶᠢᠨ ᠬᠠᠷᠢᠭᠤ ᠲᠤᠰᠬᠠᠭᠰᠠᠨ ᠲᠤᠭ᠎ᠠ ᠪᠠᠷᠢᠮᠲᠠ ᠠᠴᠠ ᠦᠵᠡᠪᠡᠯ᠂ 2024 ᠣᠨ ᠤ ᠳᠡᠭᠡᠷ᠎ᠡ ᠬᠠᠭᠠᠰ ᠵᠢᠯ ᠳᠤ ᠬᠠᠶᠢᠷᠤᠪ ᠤᠨ ᠲᠣᠬᠤᠢ ᠲᠣᠭᠤᠷᠢᠭ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 27971 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 854 ᠲᠥᠭᠦᠷᠢᠭ ᠨᠡᠮᠡᠭᠳᠡᠵᠦ᠂ 3.2%᠎ ᠢᠶᠠᠷ ᠨᠡᠮᠡᠭᠳᠡᠪᠡ᠃ ᠡᠭᠦᠨ ᠳᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 27974 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 853 ᠲᠥᠭᠦᠷᠢᠭ ᠨᠡᠮᠡᠭᠳᠡᠵᠦ᠂ 3.1%᠎ ᠪᠠᠷ ᠨᠡᠮᠡᠭᠳᠡᠪᠡ︔ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 12566 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 689 ᠲᠥᠭᠦᠷᠢᠭ ᠨᠡᠮᠡᠭᠳᠡᠵᠦ᠂ 5.8%᠎ ᠪᠠᠷ ᠨᠡᠮᠡᠭᠳᠡᠪᠡ᠃    ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 18860 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 881 ᠲᠥᠭᠦᠷᠢᠭ ᠨᠡᠮᠡᠭᠳᠡᠵᠦ᠂ 4.9%᠎ ᠪᠠᠷ ᠨᠡᠮᠡᠭᠳᠡᠪᠡ︔ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 10696 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1934 ᠲᠥᠭᠦᠷᠢᠭ ᠨᠡᠮᠡᠭᠳᠡᠵᠦ᠂ 6.1%᠎ ᠪᠠᠷ ᠨᠡᠮᠡᠭᠳᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号