ᠬᠠᠶᠢᠷᠤᠪ ᠤᠨ ᠲᠤᠬᠤᠢ ᠲᠣᠭᠤᠷᠢᠭ ᠲᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠭᠠᠷᠪᠠ
ᠨᠡᠶᠢᠲᠡᠯᠡᠭᠰᠡᠨ ᠴᠠᠭ᠄
2024/7/29
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ ᠤᠶᠢᠷ᠎ᠠ ᠶᠢᠨ ᠡᠳᠦᠷ ᠤᠳ ᠲᠤ᠂ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠠᠷᠢᠨ ᠬᠢᠨᠠᠮᠠᠭᠠᠶ ᠰᠤᠷᠤᠯᠴᠠᠵᠤ᠂ ᠥᠷᠭᠡᠨ ᠢᠶᠠᠷ ᠶᠠᠷᠢᠯᠴᠠᠵᠤ᠂ ᠭᠦᠨᠵᠡᠭᠡᠶ ᠰᠣᠯᠢᠯᠴᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠪᠠ᠃
35922_700x700.jpg   
    ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠦᠬᠦ ᠨᠠᠮ ᠤᠨ ᠭᠡᠰᠢᠭᠦᠨ ᠺᠠᠳ᠋ᠷ᠂ ᠠᠵᠢᠯᠳᠠᠨ ᠠᠵᠢᠯᠴᠢᠨ ᠢ ᠵᠣᠬᠢᠶᠠᠨ ᠪᠠᠶᠢᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ᠃ ᠤᠳᠤᠷᠢᠳᠬᠤ ᠺᠠᠳ᠋ᠷ ᠲᠦᠷᠦᠭᠦᠯᠡᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠎ ᠢ ᠳᠠᠭᠠᠭᠤᠯᠤᠨ ᠰᠤᠷᠤᠯᠴᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠪᠣᠯᠬᠤ ᠶᠢ ᠲᠣᠳᠣᠷᠬᠠᠶᠢᠯᠠᠵᠠᠢ᠃
35923_700x700.jpg   
    ᠬᠠᠷᠠᠯᠲᠠ ᠴᠢᠭᠯᠡᠯ ᠢᠶᠠᠨ ᠵᠢᠯᠣᠭᠤᠳᠴᠤ᠂ ᠴᠢᠷᠮᠠᠶᠢᠨ ᠲᠡᠮᠡᠴᠡᠵᠦ᠂ ᠢᠷᠡᠭᠡᠳᠦᠢ ᠪᠠᠨ ᠴᠣᠭᠴᠠᠯᠠᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠰᠤᠷᠤᠯᠴᠠᠯᠭ᠎ᠠ ᠪᠣᠯᠪᠠᠰᠤᠷᠠᠯ᠂ ᠤᠨᠤᠯ ᠤᠨ ᠤᠬᠠᠭᠤᠯᠭ᠎ᠠ᠂ ᠤᠬᠠᠭᠤᠯᠭ᠎ᠠ ᠲᠠᠶᠢᠯᠤᠮᠵᠢ ᠬᠢᠬᠦ ᠵᠡᠷᠭᠡ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃
35924_700x700.png   
    ᠬᠠᠶᠢᠷᠤᠪ ᠤᠨ ᠲᠤᠬᠤᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶᠠᠨ ᠤ ᠨᠠᠮ ᠤᠨ ᠡᠭᠦᠷ 2024 ᠣᠨ ᠤ 23 ᠳ᠋ᠤᠭᠠᠷ ᠤᠳᠠᠭ᠎ᠠ ᠶᠢᠨ ᠨᠠᠮ ᠤᠨ ᠭᠡᠰᠢᠭᠦᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠢ ᠥᠷᠨᠢᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ︽ᠡᠷᠬᠡᠪᠰᠢ ᠪᠡᠶ᠎ᠡ ᠪᠠᠨ ᠢᠲᠡᠭᠡᠵᠦ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃
35926_700x700.jpg   
    ᠤᠯᠠᠨ ᠢᠶᠠᠷ ᠢᠶᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ︽ᠡᠮᠦᠨ᠎ᠡ ᠨᠢ ᠶᠠᠪᠤᠵᠤ᠂ ᠵᠢᠱᠢᠶ᠎ᠡ ᠦᠵᠡᠭᠦᠯᠬᠦ︾ ᠡᠭᠦᠷᠭᠡ ᠬᠠᠷᠢᠭᠤᠴᠠᠯᠭ᠎ᠠ᠂ ᠯᠠᠪᠳᠠᠭᠤᠨ ᠪᠠᠲᠤᠲᠠᠢ ᠠᠵᠢᠯ ᠤᠨ ᠠᠷᠭ᠎ᠠ ᠬᠡᠮᠵᠢᠶ᠎ᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠭᠦᠨᠵᠡᠭᠡᠢ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃     ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠶᠢᠷᠤᠪ ᠤᠨ ᠲᠤᠬᠤᠢ ᠲᠣᠭᠤᠷᠢᠭ ᠤᠨ ᠬᠤᠷᠢᠶ᠎ᠠ ᠰᠤᠷᠤᠯᠴᠠᠯᠭ᠎ᠠ ᠶᠢᠨ ᠵᠤᠷᠰᠢᠯᠲᠤ ᠬᠤᠷᠠᠯ ᠬᠤᠷᠠᠯᠳᠤᠭᠤᠯᠵᠤ᠂ ᠬᠤᠷᠠᠯ ᠠᠴᠠ ︽ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠂ ︽ᠦᠨᠡᠨ︾ 2024 ᠣᠨ ᠤ 12 ᠳ᠋ᠤᠭᠠᠷ ᠬᠤᠭᠤᠴᠠᠭᠠᠨ ᠤ ᠰᠢ ᠶᠢᠨ ᠫᠢᠩ᠄ ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ᠂ ︽ᠦᠨᠡᠨ︾ 2024 ᠣᠨ ᠤ 3 ᠳ᠋ᠤᠭᠠᠷ ᠬᠤᠭᠤᠴᠠᠭᠠᠨ ᠤ ᠰᠢ ᠶᠢᠨ ᠫᠢᠩ᠄ ᠰᠢᠨ᠎ᠡ ᠴᠠᠭ ᠦᠶ᠎ᠡ ᠰᠢᠨ᠎ᠡ ᠠᠶᠠᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ᠃    ᠬᠤᠷᠠᠯ ᠠᠴᠠ᠂ ᠪᠦᠬᠦ ᠠᠵᠢᠯᠲᠠᠳ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠳᠲᠡᠷ ᠲᠦᠷᠭᠡᠨ ᠨᠢᠭᠡᠳᠬᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠲᠡᠷᠡ ᠬᠡᠪ ᠢᠶᠠᠷ ᠨᠢ ᠰᠤᠷᠤᠯᠴᠠᠬᠤ᠂ ᠮᠡᠳᠡᠯᠭᠡ ᠪᠠᠷ ᠢᠶᠠᠨ ᠲᠥᠭᠡᠷᠢᠭᠳᠡᠯ ᠢ ᠲᠠᠶᠢᠯᠵᠤ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠡᠳᠬᠢᠨ ᠰᠤᠷᠤᠯᠴᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ᠂ ᠬᠠᠷᠠᠯᠲᠠ ᠵᠠᠷᠴᠢᠮ᠂ ᠴᠢᠬᠤᠯᠠ ᠶᠡᠭᠡ ᠪᠠᠶᠢᠷᠢᠯᠠᠭᠤᠯᠤᠯᠲᠠ ᠪᠣᠯᠤᠨ ᠦᠨᠳᠦᠰᠦᠨ ᠪᠠᠲᠤᠯᠠᠭ᠎ᠠ ᠶᠢ ᠭᠦᠨᠵᠡᠭᠡᠢ ᠣᠶᠢᠯᠠᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠠᠶᠢᠪᠸᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠢ ᠢᠳᠡᠪᠬᠢᠲᠡᠢ ᠪᠠᠷ ᠬᠦᠯᠢᠶᠡᠨ ᠠᠪᠴᠤ ᠦᠵᠡᠵᠦ ᠰᠣᠨᠣᠰᠤᠭᠰᠠᠨ ᠪᠥᠭᠡᠳ ᠲᠡᠷᠡ ᠳᠠᠷᠤᠢ ᠳᠤᠨᠢ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠨ ᠣᠶᠢᠯᠠᠭᠠᠬᠤ ᠶᠢ ᠵᠣᠬᠢᠶᠠᠨ ᠪᠠᠶᠢᠭᠤᠯᠪᠠ᠃    ᠣᠯᠠᠨ ᠢᠶᠠᠷ ᠢᠶᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠤᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠩ ᠴᠤᠭ ᠪᠠᠳᠠᠷᠠᠩᠭᠤᠶ ᠳᠦᠷᠰᠦ ᠪᠠᠶᠢᠳᠠᠯ ᠢᠶᠠᠷ ᠰᠢᠨ᠎ᠡ ᠠᠶᠠᠨ ᠵᠠᠮ ᠳᠤ ᠣᠷᠣᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨ᠎ᠠ ᠭᠡᠵᠦ ᠰᠠᠨᠠᠯ ᠨᠢᠭᠡᠲᠡᠢ ᠦᠵᠡᠪᠡ᠃ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号