ᠬᠠᠶᠢᠷᠤᠪ ᠤᠨ ᠲᠣᠬᠤᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ︽ᠲᠠᠭᠠᠯᠠᠮᠵᠢᠲᠠᠶ ᠲᠣᠭᠤᠷᠢᠭ︾᠎ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/7/3
    ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠣᠨᠣᠪᠴᠢ ᠶᠢᠨ ᠬᠡᠮᠵᠢᠶ᠎ᠡ᠂ ᠳᠥᠭᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠢᠨ᠎ᠡ ᠵᠠᠭᠪᠤᠷ ᠢ ᠢᠳᠡᠪᠬᠢᠲᠡᠢ ᠰᠤᠳᠤᠯᠵᠤ᠂  ᠤᠷᠢᠳᠴᠢᠯᠠᠨ ᠦᠢᠯᠡᠴᠢᠯᠡᠬᠦ ᠲᠣᠭᠲᠠᠴᠠ ᠵᠡᠷᠭᠡ ᠶᠢ ᠰᠦᠪᠡᠭᠴᠢᠯᠡᠨ ᠭᠠᠷᠭᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠤᠨ ᠨᠢᠭᠡ ᠯᠡ ᠥᠷᠲᠡᠭᠡᠨ ᠤ ᠮᠠᠶ᠋ᠢᠭ ᠤᠨ ᠬᠤᠷᠠᠮᠠᠯ ᠦᠢᠯᠡᠴᠢᠯᠡᠭᠡ ᠶᠢ ᠪᠡᠶᠡᠯᠡᠭᠦᠯᠦᠨ᠎ᠡ᠃
34756_700x700.jpg   
    ᠦᠢᠯᠡᠴᠢᠯᠡᠭᠡ ᠶᠢ ᠨᠠᠷᠢᠯᠢᠬᠵᠢᠭᠤᠯᠵᠤ᠂ ᠪᠥᠬᠦ ᠶᠠᠪᠤᠴᠠ ᠶᠢᠨ ᠬᠢᠨᠠᠨ ᠵᠥᠪᠰᠢᠶᠡᠷᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠨᠴᠣᠭᠤᠶ ᠭᠠᠯ ᠤᠨᠲᠠᠷᠠᠭᠠᠬᠤ ᠬᠢᠨᠠᠨ ᠰᠢᠯᠭᠠᠬᠤ ᠲᠥᠷᠥᠯ ᠵᠦᠢᠯ ᠳᠤ ᠪᠠᠷᠢᠯᠭ᠎ᠠ ᠶᠢᠨ ᠠᠮᠤᠷ ᠲᠦᠪᠰᠢᠨ ᠤ ᠪᠠᠷᠢᠯᠭ᠎ᠠ ᠶᠢᠨ ᠦᠢᠯᠡᠴᠢᠯᠡᠭᠡᠨ ᠤ ᠥᠷᠲᠡᠭᠡ ᠶᠢᠨ ᠠᠵᠢᠯᠲᠠᠨ ᠯᠤᠭ᠎ᠠ ᠵᠣᠯᠭᠠᠭᠤᠯᠤᠨ ᠤᠷᠢᠳᠴᠢᠯᠠᠨ ᠣᠷᠣᠯᠴᠠᠵᠤ᠂ ᠮᠡᠷᠭᠡᠵᠢᠯ ᠤᠨ ᠵᠢᠭᠠᠨ ᠵᠢᠯᠣᠭᠤᠳᠬᠤ ᠦᠢᠯᠡᠴᠢᠯᠡᠭᠡᠨ ᠢ ᠰᠠᠶᠢᠲᠤᠷ ᠬᠢᠵᠦ᠂ ᠲᠥᠷᠥᠯ ᠵᠦᠢᠯ ᠮᠡᠳᠡᠭᠦᠯᠬᠦ ᠠᠬᠢᠴᠠ ᠶᠢ ᠲᠦᠷᠭᠡᠳᠬᠡᠨ᠎ᠡ᠃    ᠦᠢᠯᠡᠴᠢᠯᠡᠭᠡ ᠨᠢ ᠤᠷᠢᠲᠠᠪᠠᠷ ᠲᠥᠷᠥᠯ ᠵᠦᠢᠯ ᠢ ︽ᠨᠠᠷᠢᠨ ᠳᠠᠩᠰᠠᠴᠢᠯᠠᠬᠤ︾᠎ ᠶᠢ ᠪᠡᠶᠡᠯᠡᠭᠦᠯᠦᠨ᠎ᠡ᠃ ᠪᠠᠷᠢᠯᠭ᠎ᠠ ᠪᠠᠷᠢᠬᠤ ᠵᠥᠪᠰᠢᠶᠡᠷᠡᠯ ᠢ ᠤᠳᠠᠯ ᠥᠬᠡᠶ ᠭᠦᠢᠴᠡᠳᠬᠡᠬᠦ ᠭᠡᠵᠦ ᠪᠠᠶᠢᠭ᠎ᠠ ᠭᠤᠤᠯᠳᠠᠯᠭ᠎ᠠ ᠲᠠᠢ ᠲᠥᠷᠥᠯ ᠵᠦᠢᠯ ᠢ ᠴᠠᠭ ᠲᠤᠬᠠᠶ ᠳᠤᠨᠢ ᠵᠣᠯᠭᠠᠭᠤᠯᠤᠨ ᠣᠶᠢᠯᠠᠭᠠᠵᠤ᠂ ᠨᠠᠷᠢᠨ ᠲᠠᠩᠰᠠ ᠶᠢᠨ ᠲᠥᠯᠥᠪᠵᠢᠭᠦᠯᠭᠡ ᠶᠢ ᠤᠷᠢᠳᠴᠢᠯᠠᠨ ᠰᠠᠶᠢᠲᠤᠷ ᠬᠢᠨ᠎ᠠ᠃ ᠠᠵᠤ ᠠᠬᠤᠶᠢᠯᠠᠯ ᠳᠤ ᠴᠢᠭᠯᠡᠯ ᠲᠣᠭᠲᠠᠭᠠᠨ ︽ᠰᠤᠳᠠᠯ ᠪᠠᠷᠢᠵᠤ ᠣᠨᠣᠰᠢᠯᠠᠵᠤ︾᠂ ᠲᠥᠷᠥᠯ ᠵᠤᠶᠢᠯ ᠤᠨ ᠣᠨᠴᠠ ᠴᠢᠨᠠᠷ ᠢ ᠦᠨᠳᠦᠰᠦᠯᠡᠨ ᠴᠢᠬᠤᠯᠠ ᠪᠤᠰᠤ ᠬᠢᠨᠠᠨ ᠵᠥᠪᠰᠢᠶᠡᠷᠡᠬᠦ  ᠵᠤᠶᠢᠯᠡᠰ ᠢ ᠬᠠᠰᠤᠵᠤ ᠂ ᠲᠤᠰᠬᠠᠶ ᠵᠤᠶᠢᠯ ᠤᠨ ᠬᠢᠨᠠᠨ ᠵᠥᠪᠰᠢᠶᠡᠷᠡᠬᠦ ᠵᠤᠶᠢᠯᠡᠰ ᠤᠨ ᠨᠠᠷᠢᠨ ᠬᠠᠭᠤᠳᠠᠰᠤ ᠭᠠᠷᠭᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ᠦᠢᠯᠡᠴᠢᠯᠡᠭᠡᠨ ᠤ ᠳᠡᠰ ᠳᠡᠪᠰᠢᠵᠦ᠂ ︽ᠣᠯᠠᠨ ᠴᠢᠳᠠᠮᠵᠢ ᠲᠠᠢ︾ ᠦᠢᠯᠡᠴᠢᠯᠡᠭᠡᠨ ᠤ ᠴᠣᠩᠬᠤᠪᠴᠢ ᠶᠢ ᠪᠣᠢ ᠪᠣᠯᠭᠠᠨ᠎ᠠ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯ ᠤᠨ ᠰᠠᠭᠤᠷᠢᠨ ᠳᠡᠭᠡᠷ᠎ᠡ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠤᠨ᠂ ︽ᠡᠷᠢᠪᠡᠯ ᠵᠠᠪᠠᠯ ᠭᠦᠢᠴᠡᠳᠭᠡᠬᠦ᠂ ᠠᠰᠠᠭᠤᠯᠲᠠ ᠪᠠᠶᠢᠪᠠᠯ ᠵᠠᠪᠠᠯ ᠬᠠᠷᠢᠭᠤᠯᠬᠤ᠂ ᠬᠦᠴᠢᠷᠳᠡᠯ ᠪᠠᠶᠢᠪᠠᠯ ᠵᠠᠪᠠᠯ ᠬᠠᠪᠰᠤᠷᠬᠤ᠂ ᠵᠠᠷᠭᠤ ᠪᠠᠶᠢᠪᠠᠯ ᠵᠠᠪᠠᠯ ᠰᠢᠢᠳᠪᠦᠷᠢᠯᠡᠬᠦ︾ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ ᠶᠢ ᠪᠣᠶ ᠪᠣᠯᠭᠠᠵᠤ᠂ ᠠᠵᠤ ᠠᠬᠤᠶᠢᠯᠠᠯ ᠤᠨ ᠢᠨᠵᠧᠨᠧᠷᠢᠩ ᠤᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠭᠤᠭᠴᠤᠭ᠎ᠠ ᠳᠤ ᠲᠤᠯᠭᠠᠷᠠᠭᠰᠠᠨ ᠠᠯᠢᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠳᠤ ᠳᠤᠲᠠᠭᠤ ᠭᠦᠶᠦᠯᠭᠡᠵᠦ᠂ ᠠᠵᠢᠯ ᠶᠠᠪᠤᠳᠠᠯ ᠭᠦᠢᠴᠡᠳᠭᠡᠬᠦ ᠳᠤ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠢ᠃    ᠬᠤᠶᠢᠰᠢᠳᠠ ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠦᠷᠭᠦᠯᠵᠢᠯᠡᠨ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠵᠦ᠂ ᠠᠵᠤ ᠠᠬᠤᠶᠢᠯᠠᠯ ᠤᠨ ᠪᠠᠷᠢᠯᠭ᠎ᠠ ᠪᠠᠷᠢᠬᠤ ᠵᠥᠪᠰᠢᠶᠡᠷᠡᠯ ᠢ ᠭᠦᠢᠴᠡᠳᠬᠡᠬᠦ ᠳᠤ ᠤᠯᠠᠨ ᠶᠠᠩᠵᠤ ᠶᠢᠨ ᠬᠢᠨᠠᠨ ᠵᠥᠪᠰᠢᠶᠡᠷᠡᠬᠦ ᠦᠢᠯᠡᠴᠢᠯᠡᠭᠡ ᠬᠠᠩᠭᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ︽ᠲᠠᠭᠠᠯᠠᠮᠵᠢᠲᠤ ᠲᠣᠭᠤᠷᠢᠭ︾᠎ ᠢ ᠡᠭᠦᠳᠴᠦ᠂ ᠪᠦᠬᠦ ᠲᠤᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号