ᠬᠠᠶᠢᠷᠤᠪ ᠤᠨ ᠲᠣᠬᠤᠢ ᠲᠣᠭᠤᠷᠢᠭ ᠤᠨ ᠠᠵᠤ ᠤᠶᠢᠯᠡᠳᠪᠤᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠠᠢᠮᠠᠳᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/3
    ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠥᠷᠨᠢᠯᠲᠡ ᠶᠢ ᠭᠦᠨᠵᠡᠭᠡᠶ ᠠᠬᠢᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠬᠤ ᠶᠢᠨ ᠲᠥᠯᠥᠭᠡ᠂ 6 ᠰᠠᠷ᠎ᠠ ᠶᠢᠨ 28᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠭᠠᠷᠠᠭ ᠤᠨ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠮᠠᠨ ᠤ ᠲᠣᠪᠴᠢᠶ᠎ᠠ ᠶᠢᠨ ᠠᠵᠢᠯᠲᠠᠳ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠤᠯᠠᠭᠠᠨ ᠬᠠᠨ᠎ᠠ ᠶᠢ ᠡᠮᠦᠰᠴᠦ᠂ ᠣᠯᠠᠨ ᠢᠶᠠᠷ ᠢᠶᠠᠨ ᠬᠠᠷᠢᠯᠴᠠᠨ ᠬᠠᠮᠵᠢᠯᠴᠠᠵᠤ᠂ ᠳᠤᠭᠤᠶ ᠲᠡᠷᠭᠡ ᠲᠠᠯᠪᠢᠬᠤ᠂ ᠬᠡᠷᠡᠮ ᠳᠡᠭᠡᠷᠡᠬᠢ ᠵᠠᠷ ᠮᠡᠳᠡᠭᠡ ᠶᠢ ᠴᠡᠪᠡᠷᠯᠡᠬᠦ᠂ ᠭᠠᠵᠠᠷ ᠳᠡᠭᠡᠷᠡᠬᠢ ᠬᠤᠭ ᠨᠣᠪᠰᠢ ᠶᠢ ᠲᠡᠭᠦᠵᠦ ᠠᠪᠬᠤ ᠵᠡᠷᠭᠡ ᠴᠡᠪᠡᠷᠯᠡᠬᠦ ᠠᠵᠢᠯ ᠢ ᠥᠷᠨᠢᠭᠦᠯᠪᠡ᠃    ᠲᠣᠰ ᠤᠳᠠᠭᠠᠨ ᠤ ᠠᠵᠢᠯᠯᠠᠭ᠎ᠠ ᠨᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠮᠢᠳᠤᠷᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠲᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠦᠷᠭᠦᠯᠵᠢᠯᠡᠨ ᠪᠣᠯᠪᠠᠰᠤᠨ ᠡᠷᠡᠭᠦᠯ ᠬᠠᠮᠠᠭᠠᠯᠠᠯ᠂ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠬᠥᠳᠡᠭᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号