ᠬᠠᠶᠢᠷᠤᠪ ᠤᠨ ᠲᠤᠬᠤᠢ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠷᠤᠭᠰᠢᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/7/30
    2024 ᠣᠨ ᠳᠤ ᠬᠠᠶᠢᠷᠤᠪ ᠤᠨ ᠲᠣᠬᠤᠢ ᠲᠣᠭᠤᠷᠢᠭ ᠤᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠤᠶᠢᠯ ᠶᠠᠭ ᠶᠠᠪᠤᠭᠳᠠᠵᠤ ᠪᠣᠶ᠂ 51 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠠᠢ ᠬᠤᠯᠪᠣᠭᠳᠠᠵᠤ᠂ ᠭᠤᠤᠯᠳᠠᠭᠤ ᠵᠢᠵᠢᠭ ᠲᠣᠭᠤᠷᠢᠭ ᠤᠨ ᠳᠣᠲᠣᠷᠠᠬᠢ ᠵᠠᠮ᠂ ᠤᠰᠤ ᠬᠠᠩᠭᠠᠬᠤ᠂ ᠤᠰᠤ ᠲᠠᠲᠠᠷᠠᠭᠤᠯᠬᠤ᠂ ᠢᠯᠴᠢ ᠬᠠᠩᠭᠠᠬᠤ᠂ ᠭᠡᠷᠡᠯᠲᠦᠭᠦᠯᠭᠡ᠂ ᠨᠣᠭᠤᠭᠠᠷᠠᠭᠤᠯᠤᠯᠲᠠ᠂ ᠰᠠᠭᠤᠭᠠᠯᠢ ᠠᠷᠠᠳ ᠤᠨ ᠠᠵᠢᠯᠯᠠᠭᠠᠨ ᠤ ᠲᠠᠰᠤᠭ᠂ ᠠᠮᠤᠷ ᠲᠦᠪᠰᠢᠨ ᠤ ᠰᠡᠷᠭᠡᠶᠢᠯᠡᠯᠲᠡ᠂  ᠪᠠᠷᠢᠯᠭ᠎ᠠ ᠶᠢᠨ ᠣᠯᠠᠨ ᠨᠡᠶᠢᠲᠡ ᠶᠢᠨ ᠬᠡᠰᠡᠭ ᠢ ᠰᠡᠯᠪᠢᠨ ᠵᠠᠰᠠᠬᠤ᠂ ᠠᠷᠠᠳ ᠲᠤ ᠳᠥᠭᠦᠮ ᠦᠵᠡᠭᠦᠯᠬᠦ ᠵᠡᠷᠭᠡ ᠣᠯᠠᠨ ᠨᠡᠶᠢᠲᠡ ᠶᠢᠨ  ᠤᠶᠢᠯᠡᠴᠢᠯᠡᠭᠡᠨ ᠤ ᠪᠡᠯᠡᠳᠬᠡᠮᠵᠢ ᠳᠤ ᠴᠢᠭᠯᠡᠭᠦᠯᠦᠨ ᠥᠭᠡᠷᠡᠴᠢᠯᠡᠨ ᠵᠠᠰᠠᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠨᠢᠭᠡᠨᠲᠡ ᠠᠵᠢᠯ ᠡᠬᠢᠯᠡᠭᠦᠯᠦᠭᠰᠡᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠬᠠᠶᠢᠷᠤᠪ ᠤᠨ ᠲᠤᠬᠤᠢ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃
       ᠤᠢᠢᠷ᠎ᠠ ᠶᠢᠨ ᠵᠢᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ ᠢᠮᠠᠭᠲᠠ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠭᠠᠷᠤᠭ᠎ᠠ ᠪᠣᠯᠭᠠᠵᠤ᠂ ᠲᠤᠰᠤᠯᠲᠠ ᠪᠠᠨ ᠪᠣᠯᠭᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠲᠦᠷᠭᠡᠨ ᠠᠬᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠵᠠᠮ ᠡᠪᠳᠡᠷᠡᠵᠦ ᠰᠦᠢᠳᠦᠭᠰᠡᠨ ᠠᠴᠠ ᠴᠤ᠋ ᠰᠢᠨ᠎ᠡ ᠰᠠᠭᠠᠳ ᠦᠭᠡᠢ ᠨᠡᠪᠲᠡᠷᠡᠬᠦ ᠪᠣᠯᠲᠠᠯ᠎ᠠ᠂ ᠣᠷᠣᠨ ᠰᠠᠭᠤᠴᠠ ᠶᠢᠨ ᠠᠰᠠᠷ ᠤᠨ ᠭᠠᠳᠠᠷ ᠬᠡᠷᠡᠮ ᠨᠢᠵᠢᠭᠢᠨᠡᠭᠰᠡᠨ ᠪᠠᠶᠢᠭᠰᠠᠨ ᠠᠴᠠ ᠪᠠᠨ ᠰᠢᠨᠡᠳᠦᠨ ᠥᠩᠭᠡᠯᠡᠬᠦ ᠬᠦᠷᠲᠡᠯ᠎ᠡ ᠁ ︽ᠨᠢᠭᠤᠷ︾᠎ ᠠᠴᠠ ︽ᠳᠣᠲᠣᠷ᠎ᠠ︾ ᠬᠦᠷᠲᠡᠯ᠎ᠡ᠂ ︽ᠬᠠᠲᠠᠭᠤ ᠲᠣᠨᠤᠭ︾᠎ ᠠᠴᠠ ︽ᠵᠥᠭᠡᠯᠡᠨ ᠲᠣᠨᠤᠭ︾ ᠬᠦᠷᠲᠡᠯ᠎ᠡ᠂ ᠬᠠᠭᠤᠴᠢᠨ ᠬᠤᠷᠢᠶᠠᠯᠠᠯ ᠤᠳ ᠨᠢ ︽ᠴᠡᠪᠡᠷ᠂ ᠲᠤᠩᠭᠠᠯᠠᠭ᠂ ᠨᠣᠭᠤᠭᠠᠨ᠂ ᠰᠢᠯᠤᠭᠤᠨ᠂ ᠭᠤᠶᠣ︾ ᠲᠡᠰᠢ ᠬᠤᠪᠢᠷᠠᠬᠤ ᠶᠢ ᠪᠡᠶᠡᠯᠡᠭᠦᠯᠵᠦ᠂ ᠬᠤᠲᠠ ᠶᠢᠨ ᠠᠷᠠᠳ ᠤᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠶᠡᠭᠡ ᠪᠠᠷ ᠳᠡᠭᠡᠭᠰᠢᠯᠡᠭᠦᠯᠦᠨ᠂ ᠬᠤᠲᠠ ᠶᠢᠨ ᠬᠠᠭᠤᠴᠢᠨ ᠳᠦᠷᠰᠦ ᠪᠠᠶᠢᠳᠠᠯ ᠢ ᠰᠢᠨ᠎ᠡ ᠳᠦᠷᠰᠦ ᠪᠠᠶᠢᠳᠠᠯ ᠲᠠᠢ ᠪᠣᠯᠭᠠᠬᠤ ᠶᠢ ᠬᠦᠴᠦᠲᠡᠢ ᠠᠬᠢᠭᠤᠯᠵᠤ᠂ ᠠᠷᠠᠳ ᠣᠯᠠᠨ ᠳᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠤᠭᠰᠠᠨ ᠠᠴᠠ ᠪᠣᠯᠤᠭᠰᠠᠨ ᠬᠤᠪᠢᠷᠠᠯᠲᠠ ᠪᠠ ᠳᠡᠭᠡᠭᠰᠢᠯᠡᠯᠲᠡ ᠶᠢ ᠦᠨᠡᠨ ᠬᠦ ᠮᠡᠳᠡᠷᠡᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号