ᠡᠶᠢᠮᠦ ᠲᠥᠷᠥᠯ ᠤᠨ ᠬᠥᠮᠥᠰ ᠨᠥᠬᠦᠪᠦᠷᠢ ᠠᠪᠴᠤ ᠪᠣᠯᠣᠨ᠎ᠠ︕
ᠨᠡᠶᠢᠲᠡᠯᠡᠭᠰᠡᠨ ᠴᠠᠭ᠄
2024/7/5
    ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠵᠡᠷᠭᠡ ᠭᠤᠷᠪᠠᠨ ᠰᠠᠯᠠᠭ᠎ᠠ ᠮᠥᠴᠢᠷ ᠬᠠᠮᠲᠤᠷᠠᠨ ︽ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠲᠤᠬᠠᠢ ᠮᠡᠳᠡᠭᠳᠡᠯ︾᠎ ᠢ ᠣᠶᠢᠷ᠎ᠠ ᠳᠤ ᠳᠠᠷᠤᠮᠠᠯᠯᠠᠨ ᠲᠠᠷᠬᠠᠭᠠᠵᠤ᠂ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠱᠠᠲᠤ ᠦᠶᠡᠴᠢ ᠴᠢᠨᠠᠷᠲᠠᠢ᠂ ᠬᠠᠮ ᠭᠡᠯᠪᠡᠷᠢ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠪᠡ᠃ ᠲᠤᠰ ︽ᠮᠡᠳᠡᠭᠳᠡᠯ︾᠎ ᠳᠤ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ 3 ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠦᠨ᠎ᠡ ᠭᠡᠵᠦ ᠲᠣᠳᠣᠷᠬᠠᠢ ᠲᠣᠭᠲᠠᠭᠠᠪᠠ᠃    ᠨᠢᠭᠡ ᠳᠤ ᠳᠠᠷᠤᠭᠠᠰᠤ ᠶᠢ ᠬᠥᠩᠭᠡᠷᠡᠭᠦᠯᠬᠦ ᠲᠠᠯ᠎ᠠ ᠪᠠᠷ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠢ ᠪᠠᠷ 1% ᠭᠦᠷᠲᠡᠯ᠎ᠡ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ 2025 ᠣᠨ ᠤ ᠡᠴᠦᠰ ᠪᠤᠯᠲᠠᠯ᠎ᠠ ᠬᠡᠷᠡᠭᠵᠢᠭᠦᠯᠦᠨ᠎ᠡ᠃    ᠬᠤᠶᠠᠷ ᠲᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠠᠯ᠎ᠠ ᠪᠠᠷ᠂ ᠠᠵᠢᠯᠲᠠᠨ ᠬᠠᠰᠤᠬᠤ ᠦᠭᠡᠢ ᠪᠤᠶᠤ ᠴᠥᠭᠡᠨ ᠬᠠᠰᠤᠬᠤ ᠳᠠᠭᠠᠳᠬᠠᠯ ᠳᠤ ᠣᠷᠣᠯᠴᠠᠬᠰᠠᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ 2024 ᠣᠨ ᠤ ᠡᠴᠦᠰ ᠪᠤᠯᠲᠠᠯ᠎ᠠ ᠦᠷᠭᠦᠯᠵᠢᠯᠡᠨ ᠬᠡᠷᠡᠭᠵᠢᠭᠦᠯᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠠᠵᠤ ᠠᠬᠤᠶᠢᠯᠠᠯ ᠵᠢᠴᠢ ᠲᠡᠭᠦᠨ ᠤ ᠠᠵᠢᠯᠲᠠᠨ ᠠᠵᠢᠯᠴᠢᠨ ᠤ ᠳᠡᠭᠡᠷ᠎ᠡ ᠵᠢᠯ ᠤᠨ ᠪᠣᠳᠠᠲᠠᠢ ᠲᠤᠰᠢᠶᠠᠭᠰᠠᠨ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ 60%᠎ ᠠᠴᠠ ᠬᠡᠲᠦᠷᠡᠭᠦᠯᠬᠦ ᠦᠭᠡᠢ ᠪᠠᠷ ᠪᠤᠴᠠᠭᠠᠨ ᠥᠭᠴᠦ᠂ ᠲᠣᠮᠣ ᠠᠵᠤ ᠠᠬᠤᠶᠢᠯᠠᠯ ᠤᠨ ᠪᠤᠴᠠᠭᠠᠨ ᠥᠭᠬᠦ ᠬᠠᠷᠢᠴᠠᠯ ᠢ 30%᠎ ᠠᠴᠠ ᠬᠡᠲᠦᠷᠡᠭᠦᠯᠬᠦ ᠦᠭᠡᠢ᠃ ᠪᠡᠯᠡ ᠮᠥᠩᠭᠦᠨ ᠤ ᠬᠡᠷᠡᠭᠴᠡᠭᠡ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠳᠥᠷᠪᠡᠨ ᠵᠦᠢᠯ ᠤᠨ ᠲᠣᠭᠲᠠᠪᠤᠷᠢᠲᠠᠢ ᠠᠵᠢᠯ ᠤᠨ ᠪᠠᠶᠢᠷᠢ ᠶᠢᠨ ᠵᠠᠷᠤᠯᠭ᠎ᠠ ᠠᠴᠠ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠤᠨ ᠵᠠᠷᠤᠯᠭ᠎ᠠ ᠶᠢ ᠪᠠᠭᠤᠷᠠᠭᠤᠯᠬᠤ ᠭᠦᠷᠲᠡᠯ᠎ᠡ ᠥᠷᠭᠡᠳᠭᠡᠨ᠎ᠡ᠃ ᠨᠡᠶᠢᠭᠡᠮ ᠤᠨ ᠪᠦᠯᠭᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ᠂ ᠨᠢᠭᠲᠠᠯᠠᠨ ᠪᠤᠳᠤᠬᠴᠢ ᠶᠢᠨ ᠬᠡᠷᠡᠭ ᠡᠷᠭᠢᠯᠡᠭᠦ ᠭᠠᠵᠠᠷ᠂ ᠨᠢᠭᠡᠴᠢ ᠶᠢᠨ ᠭᠡᠯᠪᠡᠷᠢ ᠪᠠᠷ ᠳᠠᠭᠠᠳᠬᠠᠯ ᠳᠤ ᠣᠷᠣᠯᠴᠠᠬᠰᠠᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠳᠤ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃    ᠭᠤᠷᠪᠠ ᠳᠤ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ᠂ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠳᠠᠭᠠᠳᠬᠠᠯ ᠳᠤ ᠣᠷᠣᠯᠴᠠᠬᠰᠠᠨ ᠵᠢᠯ ᠬᠤᠭᠤᠴᠠᠭ᠎ᠠ ᠶᠢ ᠦᠷᠭᠦᠯᠵᠢᠯᠡᠨ ᠤᠷᠲᠦ ᠲᠠᠯᠪᠢᠬᠤ ᠶᠢᠨ ᠬᠠᠮᠲᠤ ᠠᠰᠢᠭ ᠭᠦᠷᠳᠡᠭᠦ ᠬᠡᠪᠴᠢᠶ᠎ᠡ ᠶᠢ 2024 ᠣᠨ ᠤ ᠡᠴᠦᠰ ᠪᠤᠯᠲᠠᠯ᠎ᠠ ᠥᠷᠭᠡᠳᠬᠡᠵᠦ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠠᠳ ᠪᠦᠬᠦᠯᠢ 1 ᠵᠢᠯ ᠪᠣᠯᠤᠭᠰᠠᠨ᠂ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠣᠯᠣᠭᠰᠠᠨ ᠳᠠᠭᠠᠳᠬᠠᠯ ᠳᠤ ᠣᠷᠣᠯᠴᠠᠬᠰᠠᠨ ᠠᠵᠢᠯᠲᠠᠨ ᠠᠵᠢᠯᠴᠢᠨ ᠪᠤᠶᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠤᠭᠰᠠᠨ ᠬᠥᠮᠥᠰ ᠲᠤ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠨᠥᠬᠦᠪᠦᠷᠢ ᠣᠯᠭᠤᠨ᠎ᠠ᠃ ᠲᠤᠰ ︽ᠮᠡᠳᠡᠭᠳᠡᠯ︾᠎ ᠳᠤ ᠪᠠᠰᠠ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠢ ︽ᠰᠠᠭᠠᠳ ᠦᠭᠡᠢ ᠣᠯᠬᠤ᠂ ᠠᠮᠤᠷ ᠲᠦᠪᠰᠢᠨ ᠭᠦᠢᠴᠡᠳᠬᠡᠬᠦ︾᠎ ᠶᠢ ᠪᠠᠲᠤᠯᠠᠵᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ︽ᠬᠠᠮᠠᠭᠠᠯᠠᠬᠤ ᠠᠵᠢᠯᠯᠠᠭ᠎ᠠ︾ ᠪᠠ ᠤᠷ᠎ᠠ ᠴᠢᠳᠠᠪᠤᠷᠢ ᠶᠢ ︽ᠳᠡᠭᠡᠭᠰᠢᠯᠡᠭᠦᠯᠭᠦ ᠠᠵᠢᠯᠯᠠᠭ᠎ᠠ︾᠎ ᠶᠢ ᠶᠡᠭᠡ ᠪᠠᠷ ᠥᠷᠨᠢᠭᠦᠯᠵᠦ᠂ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠰᠠᠭᠤᠷᠢ ᠮᠥᠩᠭᠦᠨ ᠤ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号