ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 129 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/9
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 129 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ 6 ᠰᠠᠷ᠎ᠠ ᠶᠢᠨ 27᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠡᠭᠦᠷᠭᠡ ᠶᠢ ᠲᠡᠭᠦᠰ ᠠᠮᠵᠢᠯᠲᠠ ᠲᠠᠢ ᠣᠯᠤᠭᠰᠠᠨ ᠪᠠᠶᠠᠷ ᠤᠨ ᠴᠠᠬᠢᠯᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ ᠤ ᠡᠮ ᠤᠨ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾᠎ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ︔ ᠬᠠᠶᠢᠷᠤᠪ ᠤᠨ ᠲᠤᠬᠤᠢ ᠲᠣᠭᠤᠷᠢᠭ ᠤᠨ ᠳᠡᠭᠡᠷ᠎ᠡ ᠬᠠᠭᠠᠰ ᠵᠢᠯ ᠤᠨ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠬᠠᠶᠢᠷᠤᠪ ᠤᠨ ᠲᠤᠬᠤᠢ ᠲᠣᠭᠤᠷᠢᠭ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠪᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠱᠠᠯᠠᠪᠳᠠᠭᠤᠯᠤᠨ ᠵᠢᠯᠣᠭᠤᠳᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠎ ᠨᠢ ᠬᠠᠶᠢᠷᠤᠪ ᠤᠨ ᠲᠤᠬᠤᠢ ᠲᠣᠭᠤᠷᠢᠭ ᠤᠨ 3 ᠭᠤᠣᠯᠳᠠᠯᠭ᠎ᠠ ᠲᠠᠢ ᠡᠭᠦᠷᠭᠡ ᠪᠠ 4 ᠭᠤᠣᠯᠳᠠᠯᠭ᠎ᠠ ᠲᠠᠢ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠡᠷᠭᠡ ᠠᠭᠤᠯᠭ᠎ᠠ ᠶᠢ ᠰᠣᠨᠣᠰᠤᠭᠰᠠᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ 6 ᠰᠠᠷ᠎ᠠ ᠶᠢᠨ 27᠎ ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠢᠲᠡᠭᠡᠯ ᠵᠣᠷᠢᠭ ᠢᠶᠠᠨ ᠪᠠᠲᠤᠳᠬᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠳᠤᠮᠳᠠ ᠡᠯ᠎ᠡ ᠵᠦᠢᠯ ᠤᠨ ᠠᠶᠤᠯ ᠲᠦᠭᠰᠢᠭᠦᠷᠢ᠂ ᠥᠷᠢᠰᠥᠯᠳᠦᠭᠡᠨ ᠢ ᠡᠰᠡᠷᠭᠦᠴᠡᠬᠦ ᠴᠢᠳᠠᠪᠤᠷᠢ ᠪᠠᠨ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠬᠦᠴᠢᠷ ᠠᠰᠠᠭᠤᠳᠠᠯ ᠢ ᠪᠦᠲᠦᠭᠡᠯᠴᠢ ᠪᠠᠷ ᠰᠢᠢᠳᠪᠦᠷᠢᠯᠡᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠴᠢᠩᠭ᠎ᠠ ᠬᠦᠭ ᠠᠶᠠᠰ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠶᠢ ᠪᠠᠷᠢᠮᠲᠠᠯᠠᠵᠤ᠂ ᠲᠦᠷᠢᠮ ᠤᠨ ᠪᠠᠶᠢᠭᠤᠯᠤᠯᠲᠠ ᠪᠠᠷ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ᠂ ᠬᠢᠨᠠᠯᠲᠠ᠂ ᠬᠠᠮᠢᠶᠠᠷᠤᠯᠲᠠ ᠶᠢ ᠳᠡᠭᠡᠭᠰᠢᠯᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠨᠡᠨᠬᠦ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠠᠬᠢᠭᠤᠯᠵᠤ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠬᠦᠴᠦᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ︔ ᠢᠳᠡᠭᠡᠨ ᠤ ᠠᠮᠤᠷ ᠲᠦᠪᠰᠢᠨ ᠤ ᠳᠠᠭᠠᠭᠠᠴᠢᠯᠠᠯᠲᠠ ᠶᠢᠨ ᠠᠵᠢᠯ ᠤᠨ ᠲᠣᠭᠲᠠᠴᠠ ᠶᠢ ᠦᠨᠡᠨ ᠠᠴᠠ ᠵᠥᠪ ᠢ ᠡᠷᠢᠵᠦ ᠰᠢᠯᠢᠳᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠲᠡᠭᠦᠯᠳᠡᠷᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠥᠷᠢᠰᠥᠯᠳᠦᠬᠦ ᠬᠦᠴᠦᠨ ᠢᠶᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠠᠵᠤ ᠠᠬᠤᠢ ᠶᠢᠨ ᠦᠷ᠎ᠡ ᠠᠰᠢᠭ ᠢᠶᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠬᠡᠪ ᠠᠴᠠ ᠳᠠᠪᠠᠭᠰᠠᠨ︾ ᠠᠭᠤᠯᠤᠭᠳᠠᠬᠤᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠦᠨᠡᠨ ᠪᠣᠳᠠᠲᠠᠶ ᠠᠷᠭ᠎ᠠ ᠬᠡᠮᠵᠢᠶ᠎ᠡ ᠠᠪᠴᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠦᠨᠳᠦᠰᠦᠨ ᠵᠣᠷᠢᠯᠭ᠎ᠠ ᠨᠢ ᠠᠷᠠᠳ ᠤᠯᠠᠨ ᠤ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠪᠣᠳᠠᠲᠠᠢ ᠶᠠᠪᠤᠳᠠᠯ ᠬᠢᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠡᠯ᠎ᠡ ᠲᠦᠷᠦᠯ ᠤᠨ ᠳᠡᠭᠡᠳᠦ ᠱᠠᠲᠤᠨ ᠤ ᠲᠣᠭᠤᠷᠢᠨ ᠪᠠᠶᠢᠴᠠᠭᠠᠬᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠨ ᠪᠦᠲᠦᠮᠵᠢᠲᠡᠢ ᠭᠠᠷᠳᠠᠴᠠ ᠪᠣᠯᠭᠠᠵᠤ᠂ ᠠᠷᠠᠳ ᠤᠯᠠᠨ ᠳᠤ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ᠂ ᠤᠯᠠᠨ ᠵᠢᠯ ᠤᠨ ᠠᠷᠬᠠᠭ ᠢ ᠲᠦᠢᠯᠪᠤᠷᠢᠲᠠᠢ ᠰᠢᠢᠳᠪᠦᠷᠢᠯᠡᠬᠦ ᠬᠡᠷᠡᠭᠲᠡᠢ ᠭᠡᠵᠤ ᠬᠡᠯᠡᠪᠡ᠃    ᠰᠦᠨ ᠬᠤᠤ᠂ ᠶᠡᠷᠦᠩᠬᠡᠢ ᠱᠦᠵᠢ ᠰᠢ ᠶᠢᠨ ᠫᠢᠩ ᠤᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ︾ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠮᠧᠩ ᠰᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠯᠤᠭ᠎ᠠ ᠢᠳᠡᠪᠬᠢᠲᠡᠶ ᠪᠠᠷ ᠨᠡᠪᠲᠡᠷᠡᠯᠴᠡᠨ ᠵᠣᠯᠭᠠᠭᠤᠯᠵᠤ᠂ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠬᠠᠮᠵᠢᠯᠴᠠᠨ ᠨᠡᠭᠡᠭᠡᠯᠲᠡ ᠬᠢᠬᠦ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠶ︔ ᠲᠣᠭᠤᠷᠢᠨ ᠪᠠᠶᠢᠴᠠᠭᠠᠬᠤ ︽ᠰᠡᠭᠦᠯᠴᠢ ᠶᠢᠨ ᠬᠠᠭᠠᠰ ᠵᠣᠬᠢᠶᠠᠯ︾᠎ ᠢ ᠦᠷᠭᠦᠯᠵᠢᠯᠡᠨ ᠰᠠᠶᠢᠲᠤᠷ ᠬᠢᠵᠦ᠂ ᠠᠵᠢᠯ ᠤᠨ ᠲᠣᠭᠲᠠᠴᠠ ᠪᠠ ᠶᠠᠪᠤᠴᠠ ᠶᠢ ᠲᠠᠰᠤᠷᠠᠯᠲᠠ ᠦᠭᠡᠢ ᠳ᠋ᠦᠩᠨᠡᠨ ᠲᠡᠭᠦᠯᠳᠡᠷᠵᠢᠭᠦᠯᠵᠦ᠂ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠳᠡᠯᠭᠡᠷᠡᠭᠦᠯᠦᠨ ᠬᠡᠷᠡᠭᠯᠡᠵᠦ᠂ ᠲᠣᠭᠤᠷᠢᠨ ᠪᠠᠶᠢᠴᠠᠭᠠᠬᠤ ᠠᠵᠢᠯ ᠤᠨ ᠨᠡᠩ ᠣᠨᠣᠪᠴᠢᠲᠠᠶ᠂ ᠥᠨᠳᠥᠷ ᠪᠦᠲᠦᠮᠵᠢᠲᠡᠢ ᠪᠠᠷ ᠬᠠᠶᠢᠷᠤᠪ ᠤᠨ ᠲᠤᠬᠤᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ  ᠭᠡᠵᠤ ᠬᠡᠯᠡᠪᠡ᠃
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号