ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠠᠢ ᠬᠠᠮᠲᠤᠷᠠᠨ ᠨᠠᠢᠮᠠᠨ ᠰᠠᠷ᠎ᠠ ᠶᠢᠨ ᠨᠢᠭᠡᠨ ᠢ ᠪᠡᠯᠭᠡᠯᠡᠪᠡ
ᠨᠡᠶᠢᠲᠡᠯᠡᠭᠰᠡᠨ ᠴᠠᠭ᠄
2024/8/1
    ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠭᠦᠨᠵᠡᠭᠡᠢ ᠲᠤᠤᠱᠯᠠᠭᠤᠯᠵᠤ᠂ ᠴᠡᠷᠢᠭ ᠬᠥᠮᠦᠨ ᠴᠡᠷᠢᠭ ᠤᠨ ᠭᠡᠷ ᠪᠦᠯᠢ ᠪᠣᠯᠤᠨ ᠴᠡᠷᠢᠭ ᠠᠴᠠ ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ 7 ᠰᠠᠷ᠎ᠠ ᠶᠢᠨ 23᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ᠂ ᠠᠮᠢᠳᠤᠯᠢᠭ ᠪᠥᠭᠡᠳ ᠰᠣᠨᠢᠷᠬᠠᠯᠲᠠᠢ ᠬᠠᠤᠯᠢ ᠴᠠᠭᠠᠵᠠ ᠶᠢᠨ ᠲᠤᠰᠠᠯᠠᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃    ᠠᠵᠢᠯᠯᠠᠭ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠶ ᠬᠠᠶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠸᠠᠩ ᠢᠦᠶ ᠰᠢᠤᠸᠠᠨ ᠬᠠᠤᠯᠢᠴᠢ ᠶᠢ ᠤᠷᠢᠵᠤ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾᠂ ︽ᠴᠡᠷᠢᠭ ᠬᠥᠮᠦᠨ ᠪᠠ ᠴᠡᠷᠢᠭ ᠤᠨ ᠬᠡᠷ ᠪᠦᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠵᠤ᠂ ᠴᠡᠷᠢᠭ ᠬᠥᠮᠦᠨ ᠪᠠ ᠴᠡᠷᠢᠭ ᠤᠨ ᠬᠡᠷ ᠪᠦᠯᠢ ᠶᠢᠨ ᠠᠮᠢᠳᠤᠷᠠᠯ ᠤᠨ ᠳᠤᠮᠳᠠ ᠲᠣᠬᠢᠶᠠᠯᠳᠤᠵᠤ ᠮᠡᠳᠡᠬᠦ ᠤᠷᠤᠭ ᠭᠡᠷ ᠪᠦᠯᠢ᠂ ᠬᠥᠳᠡᠯᠮᠦᠷᠢ ᠶᠢᠨ ᠵᠢᠭᠤᠷᠠᠯᠳᠤᠭᠠᠨ᠂ ᠬᠥᠮᠦᠨ ᠤ ᠪᠡᠶ᠎ᠡ ᠶᠢᠨ ᠡᠷᠬᠡ ᠳᠤ ᠬᠠᠯᠳᠠᠭᠰᠠᠨ ᠵᠡᠷᠭᠡ ᠬᠠᠤᠯᠢ ᠴᠠᠭᠠᠵᠠ ᠶᠢᠨ ᠠᠰᠠᠭᠤᠳᠠᠯ ᠳᠤ ᠴᠢᠭᠯᠡᠭᠦᠯᠦᠨ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠷᠢᠨ ᠪᠤᠳᠤᠯᠢᠶᠠᠨᠲᠠᠶ ᠬᠠᠤᠯᠢ ᠶᠢᠨ ᠵᠤᠶᠢᠯ ᠵᠤᠷᠪᠤᠰ ᠢ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠲᠠᠶᠢᠯᠪᠤᠷᠢᠯᠠᠪᠠ᠃    ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠠᠵᠢᠯᠲᠠᠳ ᠪᠠᠰᠠ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠷᠢᠯᠴᠠᠬᠤ ᠺᠠᠷᠲ ᠪᠣᠯᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠵᠦᠭᠯᠡᠭᠦᠷ ᠲᠠᠷᠬᠠᠭᠠᠵᠤ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠶᠠᠪᠤᠴᠠ᠂ ᠦᠢᠯᠡᠴᠢᠯᠡᠭᠡᠨ ᠤ ᠬᠡᠪᠴᠢᠶ᠎ᠡ ᠵᠢᠴᠢ ᠬᠠᠷᠢᠯᠴᠠᠬᠤ ᠠᠷᠭ᠎ᠠ ᠬᠡᠯᠪᠡᠷᠢ ᠶᠢ ᠨᠠᠷᠢᠨ ᠲᠠᠨᠢᠯᠴᠠᠭᠤᠯᠵᠤ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢ ᠬᠠᠪᠰᠤᠷᠤᠨ ᠬᠠᠤᠯᠢ ᠴᠠᠭᠠᠵᠠ ᠶᠢᠨ ᠠᠰᠠᠭᠤᠳᠠᠯ ᠲᠤᠯᠭᠠᠷᠠᠬᠤ ᠦᠶ᠎ᠡ ᠳᠤ ᠴᠠᠭ ᠲᠤᠬᠠᠢ ᠳᠤᠨᠢ ᠬᠠᠪᠰᠤᠷᠤᠯᠭ᠎ᠠ ᠦᠵᠡᠭᠦᠯᠵᠡᠢ᠃    ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠠᠴᠠ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠡᠷᠬᠡ ᠠᠰᠢᠭ ᠢ ᠬᠠᠮᠠᠭᠠᠯᠠᠬᠤ ᠪᠠᠷ ᠦᠷᠭᠦᠯᠵᠢᠯᠡᠨ ᠵᠣᠭᠰᠣᠴᠠ ᠪᠣᠯᠭᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤᠮᠳᠠᠬᠢ ᠡᠭᠦᠷᠭᠡ ᠴᠢᠳᠠᠪᠬᠢ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠳᠤ ᠬᠦᠴᠦᠨ ᠨᠡᠮᠡᠷᠢᠯᠡᠵᠦ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠠᠤᠯᠢ ᠪᠠᠷ ᠵᠠᠰᠠᠬᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号