ᠮᠠᠨ ᠤ ᠬᠤᠲᠠ ᠶᠢᠨ ᠠᠩᠬᠠᠳᠠᠭᠴᠢ ᠳᠣᠬᠢᠶᠠᠨ ᠬᠡᠯᠡᠨ ᠤ ᠬᠤᠤᠰ ᠳᠡᠯᠭᠡᠴᠡ ᠶᠢᠨ ᠣᠷᠴᠢᠭᠤᠯᠭ᠎ᠠ ᠶᠢᠨ ᠲᠥᠬᠦᠭᠡᠷᠦᠮᠵᠢ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠡᠬᠢᠯᠡᠵᠦ ᠬᠡᠷᠡᠭᠯᠡᠪᠡ
ᠨᠡᠶᠢᠲᠡᠯᠡᠭᠰᠡᠨ ᠴᠠᠭ᠄
2024/8/1
    ᠤᠢᠢᠷ᠎ᠠ ᠶᠢᠨ ᠵᠢᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ  ᠤᠯᠠᠨ ᠠᠷᠭ᠎ᠠ ᠬᠡᠮᠵᠢᠶ᠎ᠡ ᠠᠪᠴᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠪᠠ᠃ ᠰᠣᠨᠣᠷ ᠤᠨ ᠰᠠᠭᠠᠳ ᠲᠠᠢ ᠣᠯᠠᠨ ᠲᠦᠮᠡᠨ ᠤ ᠲᠤᠬᠠᠶᠢᠯᠠᠭᠰᠠᠨ ᠠᠵᠢᠯ ᠭᠦᠢᠴᠡᠤᠡᠭᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨ ᠬᠦ ᠰᠢᠢᠤᠡᠪᠤᠷᠢᠯᠡᠬᠦ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠬᠠᠶᠢᠷ᠎ᠠ ᠶᠢᠨ ᠳᠠᠭᠤᠨ︾ ᠳᠣᠬᠢᠶᠠᠨ ᠤ ᠬᠡᠯᠡᠨ ᠤ ᠬᠤᠤᠰ ᠳᠡᠯᠭᠡᠴᠡ ᠶᠢᠨ ᠣᠷᠴᠢᠭᠤᠯᠭ᠎ᠠ ᠶᠢᠨ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠰᠣᠨᠣᠷ ᠤᠨ ᠰᠠᠭᠠᠳ ᠲᠠᠢ ᠣᠯᠠᠨ ᠲᠦᠮᠡᠨ ᠤ ᠯᠠᠪᠯᠠᠭ᠎ᠠ ᠶᠢ ᠨᠠᠩ ᠰᠠᠭᠠᠳ ᠥᠬᠡᠶ ᠨᠡᠪᠲᠡᠷᠡᠭᠦᠯᠵᠦ᠂ ᠠᠵᠢᠯ ᠶᠠᠪᠤᠳᠠᠯ  ᠭᠦᠢᠴᠡᠤᠡᠭᠡᠬᠦ ᠳᠤ ᠨᠠᠩ ᠲᠥᠬᠦᠮ ᠪᠣᠯᠭᠠᠪᠠ᠃   7 ᠰᠠᠷ᠎ᠠ ᠶᠢᠨ 22᠎ ᠤᠨ ᠡᠳᠦᠷ᠂ ︽ᠬᠠᠶᠢᠷ᠎ᠠ ᠶᠢᠨ ᠳᠠᠭᠤᠨ︾ ᠳᠣᠬᠢᠶᠠᠨ ᠤ ᠬᠡᠯᠡᠨ ᠤ ᠬᠤᠣᠰ ᠳᠡᠯᠭᠡᠴᠡ ᠶᠢᠨ ᠣᠷᠴᠢᠭᠤᠯᠭ᠎ᠠ ᠶᠢᠨ ᠲᠥᠬᠦᠭᠡᠷᠦᠮᠵᠢ ᠶᠢ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠵᠢᠩᠬᠢᠨᠢ ᠪᠠᠷ ᠤᠭᠰᠠᠷᠠᠵᠤ᠂ ᠠᠵᠢᠯᠲᠠᠳ ᠲᠤᠨᠤᠭ ᠲᠥᠬᠦᠭᠡᠷᠦᠮᠵᠢ ᠶᠢ ᠬᠡᠷᠡᠭᠯᠡᠬᠦ ᠪᠠ ᠲᠤᠬᠢᠶᠠᠨ ᠤ ᠬᠡᠯᠡᠨ ᠤ ᠣᠷᠴᠢᠭᠤᠯᠤᠭᠴᠢ ᠪᠠᠭᠰᠢ ᠲᠠᠢ ᠸᠢᠳᠢᠣ᠋ ᠪᠠᠷ ᠰᠣᠯᠢᠯᠴᠠᠵᠤ᠂ ᠲᠤᠨᠤᠭ ᠲᠥᠬᠦᠭᠡᠷᠦᠮᠵᠢ ᠶᠢ ᠠᠮᠵᠢᠯᠲᠠ ᠲᠠᠢ ᠲᠤᠬᠢᠷᠠᠭᠤᠯᠤᠭᠰᠠᠨ ᠪᠥᠭᠡᠳ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ︽ᠬᠠᠶᠢᠷ᠎ᠠ ᠶᠢᠨ ᠳᠠᠭᠤᠨ︾ ᠳᠣᠬᠢᠶᠠᠨ ᠤ ᠬᠡᠯᠡᠨ ᠤ ᠬᠤᠤᠰ ᠳᠡᠯᠭᠡᠴᠡ ᠶᠢᠨ ᠣᠷᠴᠢᠭᠤᠯᠭ᠎ᠠ ᠶᠢᠨ ᠲᠥᠬᠦᠭᠡᠷᠦᠮᠵᠢ ᠨᠢ ᠰᠣᠨᠣᠷ ᠤᠨ ᠰᠠᠭᠠᠳ ᠲᠠᠢ ᠣᠯᠠᠨ ᠲᠦᠮᠡᠨ ᠬᠢᠭᠡᠳ ᠠᠵᠢᠯᠲᠠᠨ ᠤ ᠬᠤᠭᠤᠷᠣᠨᠳᠣᠬᠢ ᠨᠡᠪᠲᠡᠷᠡᠯᠴᠡᠭᠡ ᠶᠢᠨ ᠬᠥᠭᠦᠷᠭᠡ ᠪᠣᠯᠵᠤ᠂ ᠰᠣᠨᠣᠷ ᠤᠨ ᠰᠠᠭᠠᠳ ᠲᠠᠢ ᠣᠯᠠᠨ ᠲᠦᠮᠡᠨ ᠤ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠤ ᠨᠠᠩ ᠲᠥᠬᠦᠮ ᠦᠵᠡᠭᠦᠯᠵᠦ᠂ ︽ᠦᠵᠡᠵᠦ ᠰᠣᠨᠣᠰᠬᠤ ᠵᠠᠶ ᠥᠬᠡᠶ᠂ ᠦᠢᠯᠡᠴᠢᠯᠡᠭᠡᠨ ᠤ ᠰᠠᠭᠠᠳ ᠥᠬᠡᠶ︾ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃   ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠣᠨᠴᠠᠭᠠᠢ ᠤᠯᠠᠨ ᠲᠦᠮᠡᠨ ᠤ ᠠᠵᠢᠯ ᠶᠠᠪᠤᠳᠠᠯ ᠡᠷᠬᠢᠯᠡᠬᠦ ᠬᠡᠷᠡᠭᠴᠡᠭᠡ ᠱᠠᠭᠠᠷᠳᠠᠯᠭ᠎ᠠ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠨᠠᠷᠢᠨ ᠵᠦᠢᠯᠡᠰ ᠢ ᠭᠦᠨᠵᠡᠭᠡᠢ ᠬᠡᠷᠡᠭᠯᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠨᠡᠩ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠪᠣᠯᠤᠨ ᠨᠡᠩ ᠨᠠᠷᠢᠨ ᠨᠢᠭᠲᠠ ᠪᠦᠷᠢᠨ ᠲᠡᠭᠦᠯᠳᠡᠷ ᠲᠥᠬᠦᠭᠡᠷᠦᠮᠵᠢ ᠪᠠᠷ ᠨᠡᠩ ᠳᠣᠲᠣᠨᠣ᠂ ᠲᠠᠭᠠᠯᠠᠮᠵᠢᠲᠠᠢ᠂ ᠰᠡᠳᠬᠢᠯ ᠢ ᠳᠤᠯᠠᠭᠠᠴᠠᠭᠤᠯᠬᠤ ᠰᠠᠭᠠᠳ ᠦᠭᠡᠢ ᠠᠵᠢᠯ ᠶᠠᠪᠤᠳᠠᠯ ᠡᠷᠬᠢᠯᠡᠬᠦ ᠣᠷᠴᠢᠨ ᠲᠣᠭᠤᠷᠢᠨ ᠢ ᠴᠢᠷᠮᠠᠶᠢᠨ ᠪᠠᠶᠢᠭᠤᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号