ᠴᠡᠭᠡᠯ ᠠᠭᠤᠯᠠᠨ ᠤ ᠬᠠᠤᠯᠢ ᠴᠠᠭᠠᠵᠠ ᠶᠢᠨ ᠭᠠᠵᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠲᠣᠭᠤᠷᠢᠭ ᠤᠨ ᠵᠠᠰᠠᠮᠵᠢᠯᠠᠬᠤ ᠬᠠᠤᠯᠢ︾᠎ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/12
    ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠤᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠥᠷᠭᠡᠨ ᠣᠯᠠᠨ ᠲᠣᠰᠬᠤᠨ ᠤ ᠠᠷᠠᠳ ᠤᠨ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠤᠨ ᠲᠤᠬᠠᠶ ᠣᠶᠢᠯᠠᠭᠠᠬᠤ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠦᠷᠭᠦᠯᠵᠢᠯᠡᠨ ᠴᠢᠩᠭᠠᠳᠬᠠᠬᠤ ᠶᠢᠨ ᠲᠥᠯᠥᠭᠡ᠂ 2024 ᠣᠨ ᠤ 7 ᠰᠠᠷ᠎ᠠ ᠶᠢᠨ 10᠎ ᠤ ᠡᠳᠦᠷ ᠬᠠᠶᠢᠷᠤᠪ ᠤᠨ ᠲᠣᠬᠤᠶ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠴᠡᠭᠡᠯ ᠠᠭᠤᠯᠠᠨ ᠤ ᠬᠠᠤᠯᠢ ᠴᠠᠭᠠᠵᠠ ᠶᠢᠨ ᠭᠠᠵᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠬᠠᠤᠯᠢ︾᠎ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠠᠵᠢᠯᠯᠠᠭ᠎ᠠ ᠨᠢ ᠲᠠᠶᠢᠯᠤᠮᠵᠢ ᠶᠢᠨ ᠬᠡᠯᠪᠡᠷᠢ ᠪᠠᠷ ︽ᠨᠡᠶᠢᠭᠡᠮ ᠲᠣᠭᠤᠷᠢᠭ ᠤᠨ ᠵᠠᠯᠠᠷᠠᠭᠤᠯᠬᠤ ᠬᠠᠤᠯᠢ︾᠂ ︽ᠨᠡᠶᠢᠭᠡᠮ ᠲᠣᠭᠤᠷᠢᠭ ᠤᠨ ᠵᠠᠯᠠᠷᠠᠭᠤᠯᠬᠤ ᠬᠠᠤᠯᠢ ᠶᠢ ᠬᠡᠷᠡᠭᠵᠢᠭᠦᠯᠬᠦ ᠠᠷᠭ᠎ᠠ︾᠎ ᠶᠢ ᠭᠤᠤᠯᠳᠠᠯᠭ᠎ᠠ ᠲᠠᠢ ᠤᠬᠠᠭᠤᠯᠤᠨ ᠲᠠᠶᠢᠯᠪᠤᠷᠢᠯᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠤᠨ ᠵᠣᠷᠢᠯᠭ᠎ᠠ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ᠂ ᠰᠤᠷᠭᠠᠨ ᠬᠥᠮᠦᠵᠢᠭᠦᠯᠵᠦ ᠬᠠᠪᠰᠤᠷᠤᠨ ᠲᠡᠳᠬᠦᠬᠦ ᠲᠣᠭᠲᠠᠭᠠᠯ ᠵᠡᠷᠭᠡ ᠪᠠᠷ ᠭᠠᠷᠳᠠᠬᠤ ᠴᠡᠭ ᠪᠣᠯᠭᠠᠨ ᠬᠠᠮᠢᠶ᠎ᠠ ᠪᠥᠬᠦᠶ ᠠᠭᠤᠯᠭ᠎ᠠ ᠳᠤ ᠨᠠᠷᠢᠨ ᠲᠠᠶᠢᠯᠤᠮᠵᠢ ᠬᠢᠪᠠ᠃ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠶᠠᠯ᠎ᠠ ᠪᠠᠨ ᠮᠡᠳᠡᠷᠡᠵᠦ ᠶᠠᠯ᠎ᠠ ᠪᠠᠨ ᠭᠡᠮᠰᠢᠬᠦ᠂ ᠵᠠᠯᠠᠷᠠᠭᠤᠯᠬᠤ ᠶᠢ ᠬᠦᠯᠢᠶᠡᠬᠦ᠂ ᠨᠡᠶᠢᠭᠡᠮ ᠳᠤ ᠳᠠᠬᠢᠨ ᠪᠤᠴᠠᠬᠤ ᠶᠠᠪᠤᠴᠠ ᠶᠢ ᠠᠮᠢᠳᠤᠯᠢᠭ ᠢᠶᠠᠷ ᠲᠣᠳᠣᠷᠬᠠᠶᠢᠯᠠᠨ ᠥᠭᠦᠯᠡᠬᠦ ᠶᠢᠨ ᠬᠠᠮᠲᠤ ᠲᠣᠰᠬᠤᠨ ᠤ ᠠᠷᠠᠳ ᠲᠤ ᠬᠠᠤᠯᠢ ᠶᠢ ᠵᠥᠷᠢᠴᠡᠵᠦ ᠶᠠᠯ᠎ᠠ ᠬᠢᠭᠰᠡᠨ ᠠᠵᠢᠯᠯᠠᠭ᠎ᠠ ᠠᠴᠠ ᠬᠤᠯᠠ ᠵᠠᠶᠢᠳᠠᠬᠤ ᠶᠢ ᠰᠠᠨᠠᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ ᠭᠡᠵᠦ ᠰᠠᠨᠠᠭᠤᠯᠪᠠ᠃    ᠲᠣᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠲᠣᠰᠬᠤᠨ ᠤ ᠠᠷᠠᠳ ᠲᠤ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠮᠢᠶ᠎ᠠ ᠪᠥᠬᠦᠶ ᠠᠵᠢᠯ ᠤᠨ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠳᠤᠮᠳᠠᠬᠢ ᠴᠢᠬᠤᠯᠠ ᠴᠢᠨᠠᠷ ᠢ ᠭᠦᠢᠴᠡᠤᠡ ᠣᠶᠢᠯᠠᠭᠠᠭᠤᠯᠵᠤ᠂ ᠥᠷᠭᠡᠨ ᠣᠯᠠᠨ ᠲᠣᠰᠬᠤᠨ ᠤ ᠠᠷᠠᠳ ᠤᠨ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠬᠤ ᠶᠢᠨ ᠬᠠᠮᠲᠤ ᠳᠡᠮᠵᠢᠵᠦ᠂ ᠬᠠᠤᠯᠢ ᠴᠠᠭᠠᠵᠠ ᠶᠢᠨ ᠨᠢᠭᠡᠳᠦᠯᠲᠡᠶ ᠵᠥᠪ ᠣᠨᠣᠪᠴᠢᠲᠠᠶ ᠬᠡᠷᠡᠭᠵᠢᠭᠦᠯᠬᠦ ᠳᠤ ᠰᠠᠶᠢᠨ ᠰᠠᠶᠢᠬᠠᠨ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠣᠶ ᠪᠣᠯᠭᠠᠵᠤ᠂ ᠨᠡᠶᠢᠭᠡᠮ ᠤᠨ ᠵᠠᠰᠠᠯᠲᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号