ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 9 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/12
    ᠤᠢᠢᠷ᠎ᠠ ᠶᠢᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 9 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠰᠦᠨ ᠬᠤᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠵᠢᠤᠸᠠᠨ ᠬᠤᠷᠠᠯ ᠢ ᠡᠷᠬᠢᠯᠡᠪᠡ᠃    ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠤᠡᠪᠤᠷᠢᠳᠤ ᠪᠣᠳᠣᠯᠭ᠎ᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ ᠬᠦᠮᠦᠷᠭᠡ ᠶᠢᠨ ᠣᠨᠴᠠ ᠤᠷᠢᠭᠰᠠᠨ ᠲᠤᠰᠬᠠᠶ ᠮᠡᠷᠭᠡᠵᠢᠯᠲᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠤᠳᠤᠯᠭᠠᠨ ᠤ ᠲᠠᠰᠤᠭ ᠭᠤᠤ ᠬᠤᠸᠠᠢ ᠯᠠᠢ ᠡᠷᠬᠢᠯᠡᠭᠴᠢ ᠶᠢ ᠤᠷᠢᠵᠤ᠂ ︽ᠬᠦᠰᠡᠯ ᠨᠠᠶᠢᠳᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ ᠬᠥᠭᠵᠢᠯᠲᠡ ᠪᠠ ᠠᠮᠤᠷ ᠲᠦᠪᠰᠢᠨ ᠢᠶᠠᠷ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠪᠳᠡᠷᠡᠰᠢ ᠥᠬᠡᠶ ᠴᠣᠭᠴᠠᠯᠠᠬᠤ︾ ᠭᠡᠬᠦ ᠰᠡᠳᠦᠪ ᠢᠶᠠᠷ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠰᠢᠨ᠎ᠡ ᠣᠨᠴᠠᠯᠢᠭ᠂ ᠰᠢᠨ᠎ᠡ ᠪᠠᠶᠢᠳᠠᠯ᠂ ᠰᠢᠨ᠎ᠡ ᠡᠭᠦᠷᠭᠡ ᠶᠢ ᠣᠨᠣᠪᠴᠢᠲᠠᠶ ᠡᠵᠡᠮᠳᠡᠬᠦ ᠭᠤᠷᠪᠠᠨ ᠲᠠᠯ᠎ᠠ ᠶᠢᠨ ᠲᠣᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠥᠷᠨᠢᠭᠦᠯᠪᠡ᠃ ᠲᠠᠶᠢᠯᠤᠮᠵᠢ ᠶᠢᠨ ᠠᠭᠤᠯᠭ᠎ᠠ ᠨᠢ ᠠᠵᠢᠯ ᠤᠨ ᠪᠣᠳᠠᠲᠤ ᠪᠠᠶᠢᠳᠠᠯ ᠤᠨ ᠲᠣᠭᠤᠷᠢᠨ ᠳᠤ᠂ ᠭᠤᠣᠯᠳᠠᠯᠭ᠎ᠠ ᠶᠢ ᠲᠤᠪᠤᠶᠢᠯᠭᠠᠨ᠂ ᠡᠯᠪᠡᠭ ᠪᠠᠶᠠᠯᠢᠭ ᠮᠡᠳᠡᠯᠭᠡ ᠶᠢᠨ ᠠᠭᠤᠯᠤᠭᠳᠠᠬᠤᠨ ᠪᠠ ᠠᠮᠢᠳᠤ ᠰᠣᠷᠭᠤᠭ ᠬᠡᠷᠡᠭ ᠤᠨ ᠵᠢᠱᠢᠶ᠎ᠡ ᠶᠢ ᠪᠠᠭᠲᠠᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃    ᠬᠤᠷᠠᠯ ᠠᠴᠠ ᠱᠠᠭᠠᠷᠳᠠᠭᠰᠠᠨ ᠨᠢ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠤᠳᠠᠭ᠎ᠠ ᠶᠢᠨ ᠪᠣᠯᠪᠠᠰᠤᠷᠠᠯ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨᠬᠦ ᠬᠦᠴᠦᠷᠬᠡᠭ ᠶᠡᠭᠡ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠡᠨᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠡᠶ᠎ᠡ ᠪᠠᠷ ᠢᠶᠠᠨ ᠣᠷᠣᠯᠴᠠᠵᠤ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠪᠠᠷ ᠲᠠᠬᠢᠨ ᠳᠠᠷᠤᠯᠲᠠ ᠥᠭᠴᠦ᠂ ᠠᠵᠢᠯᠯᠠᠭ᠎ᠠ ᠶᠢᠨ ᠲᠠᠯ᠎ᠠ ᠪᠠᠷ ᠲᠠᠬᠢᠨ ᠬᠦᠴᠦᠯᠡᠵᠦ᠂ ᠬᠠᠷᠢᠭᠤᠴᠠᠯᠭ᠎ᠠ ᠶᠢᠨ ᠲᠠᠯ᠎ᠠ ᠪᠠᠷ ᠲᠠᠬᠢᠨ ᠪᠣᠳᠠᠲᠠᠶᠢᠵᠢᠭᠤᠯᠬᠤ ᠬᠡᠷᠡᠭᠲᠡᠢ᠃ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠳᠠᠩᠰᠠ ᠲᠤᠰᠢᠶᠠᠬᠤ ᠤᠬᠠᠮᠰᠠᠷ ᠢ ᠪᠠᠲᠤ ᠪᠤᠢ ᠪᠣᠯᠭᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠣᠨᠣᠪᠴᠢᠲᠠᠢ ᠡᠵᠡᠮᠳᠡᠵᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠠᠪᠠᠭᠤᠯᠢᠭ ᠢᠶᠠᠨ ᠪᠠᠲᠤ ᠰᠠᠬᠢᠵᠤ᠂  ᠬᠦᠷᠤᠯᠴᠡᠬᠦ ᠦᠭᠡᠢ ᠲᠠᠯ᠎ᠠ ᠪᠠᠨ ᠭᠦᠢᠴᠡᠳ ᠨᠦᠬᠦᠪᠤᠷᠢᠯᠡᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠡᠯ᠎ᠡ ᠵᠦᠢᠯ ᠤᠨ ᠠᠵᠢᠯ ᠪᠣᠳᠠᠲᠠᠢ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号