ᠬᠠᠶᠢᠷᠤᠪ ᠤᠨ ᠲᠣᠬᠤᠶ ᠲᠣᠭᠤᠷᠢᠭ ᠤᠨ ᠠᠩᠬᠠᠳᠠᠭᠴᠢ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠲᠤᠰᠠᠯᠠᠮᠵᠢ ᠶᠢᠨ ᠥᠷᠲᠡᠭᠡ  ᠫᠠᠶᠢᠰᠠ ᠣᠯᠭᠤᠵᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/8/13
    ᠣᠶᠢᠷ᠎ᠠ ᠳᠤ᠂ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠲᠤᠰᠠᠯᠠᠮᠵᠢ ᠶᠢᠨ ᠥᠷᠲᠡᠭᠡ ᠥᠪᠥᠷ ᠮᠣᠩᠭᠤᠯ ᠤᠨ ᠺᠦᠨ ᠲᠠᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠤᠨ ᠥᠷᠲᠡᠭᠡ ᠫᠠᠶᠢᠰᠠ ᠣᠯᠭᠤᠵᠤ ᠪᠠᠶᠢᠭᠤᠯᠤᠭᠳᠠᠪᠠ᠂ ᠡᠨᠡ ᠪᠣᠯ ᠬᠠᠶᠢᠷᠤᠪ ᠤᠨ ᠲᠣᠬᠤᠶ ᠲᠣᠭᠤᠷᠢᠭ ᠤᠨ ᠠᠩᠬᠠᠳᠠᠭᠴᠢ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠲᠤᠰᠠᠯᠠᠮᠵᠢ ᠶᠢᠨ ᠥᠷᠲᠡᠭᠡ ᠪᠣᠯᠤᠨ᠎ᠠ᠂ ᠬᠠᠶᠢᠷᠤᠪ ᠤᠨ ᠲᠣᠬᠤᠶ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠫᠠᠶᠢᠰᠠ ᠣᠯᠭᠤᠬᠤ ᠶᠣᠰᠣᠯᠠᠯ ᠳᠤ ᠣᠷᠣᠯᠴᠠᠭᠰᠠᠨ ᠪᠥᠭᠡᠳ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠠᠵᠢᠯ ᠥᠷᠨᠢᠭᠦᠯᠪᠡ᠃
640.jpg   
    ᠬᠤᠳᠠᠯᠳᠤᠭᠠᠨ ᠤ ᠨᠢᠭᠤᠴᠠ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠲᠤᠰᠠᠯᠠᠮᠵᠢ ᠶᠢᠨ ᠥᠷᠲᠡᠭᠡ ᠨᠢ ᠡᠯ᠎ᠡ ᠲᠥᠷᠥᠯ ᠤᠨ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠵᠥᠪᠯᠡᠯᠭᠡ ᠥᠭᠬᠦ ᠪᠠ ᠪᠣᠯᠪᠠᠰᠤᠷᠠᠭᠤᠯᠬᠤ᠂ ᠵᠢᠭᠤᠷᠠᠯᠳᠤᠭᠠᠨ ᠢ ᠡᠶᠡᠳᠡᠭᠦᠯᠬᠦ ᠪᠠ ᠲᠤᠰᠠᠯᠠᠮᠵᠢ ᠦᠵᠡᠭᠦᠯᠬᠦ ᠦᠢᠯᠡᠴᠢᠯᠡᠭᠡ ᠬᠠᠩᠭᠠᠬᠤ ᠶᠢᠨ ᠬᠠᠮᠲᠤ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠵᠢᠯᠣᠭᠤᠳᠤᠯᠭ᠎ᠠ᠂ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠪᠠᠶᠢᠴᠠᠭᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠠᠵᠢᠯ ᠬᠢᠵᠦ ᠪᠣᠯᠤᠨ᠎ᠠ᠃ ᠥᠪᠥᠷ ᠮᠣᠩᠭᠤᠯ ᠤᠨ ᠺᠦᠨ ᠲᠠᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ 24 ᠵᠢᠯ ᠤᠨ ᠡᠵᠡᠩᠨᠡᠯᠲᠡ ᠶᠢᠨ ᠲᠡᠦᠬᠡ ᠲᠠᠢ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠲᠤᠷᠰᠢᠯᠭ᠎ᠠ ᠨᠢ ᠡᠯᠪᠡᠭ ᠪᠠᠶᠠᠯᠢᠭ ᠪᠠᠶᠢᠵᠤ᠂ ᠠᠵᠤ ᠠᠬᠤᠶᠢᠯᠠᠯ ᠳᠤ ᠪᠦᠬᠦ ᠲᠠᠯ᠎ᠠ ᠶᠢᠨ᠂ ᠲᠤᠰᠬᠠᠢ ᠮᠡᠷᠭᠡᠵᠢᠯ ᠤᠨ ᠬᠠᠤᠯᠢ ᠴᠠᠭᠠᠵᠠ ᠶᠢᠨ ᠦᠢᠯᠡᠴᠢᠯᠡᠭᠡ ᠵᠢᠴᠢ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠦᠢᠯᠡᠴᠢᠯᠡᠭᠡ ᠬᠠᠩᠭᠠᠵᠤ ᠴᠢᠳᠠᠨ᠎ᠠ᠃    ᠬᠠᠶᠢᠷᠤᠪ ᠤᠨ ᠲᠤᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠠᠵᠢᠯ ᠲᠦᠷᠦᠯ ᠤᠨ ᠨᠡᠶᠢᠭᠡᠮᠯᠢᠭ᠂ ᠲᠤᠰᠬᠠᠢ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠤᠯᠠᠨ ᠲᠠᠯ᠎ᠠ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠬᠢ ᠪᠠᠶᠠᠯᠢᠭ ᠢ ᠨᠡᠶᠢᠳᠬᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠷ ᠳᠠᠮᠵᠢᠭᠤᠯᠵᠤ᠂ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠠᠵᠢᠯ ᠤᠨ ᠭᠦᠨᠵᠡᠭᠡᠢ ᠥᠷᠨᠢᠬᠦ ᠶᠢ ᠬᠠᠮᠲᠤᠪᠠᠷ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号