ᠬᠠᠶᠢᠷᠤᠪ ᠤᠨ ᠲᠤᠬᠤᠢ ᠲᠣᠭᠤᠷᠢᠭ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠵᠠᠯᠠᠭᠤ ᠺᠠᠳ᠋ᠷᠴᠤᠳ ᠢ ᠵᠣᠬᠢᠶᠠᠨ ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠰᠣᠨᠢᠷᠬᠠᠭᠤᠯᠪᠠ
ᠨᠡᠶᠢᠲᠡᠯᠡᠭᠰᠡᠨ ᠴᠠᠭ᠄
2024/8/14
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠰᠢᠶᠠᠨ ᠭᠠᠵᠠᠷ ᠤᠨ ᠲᠠᠰ ᠠᠴᠠ ᠳᠡᠭᠡᠭᠰᠢᠬᠢ ᠵᠠᠯᠠᠭᠤ ᠺᠠᠳ᠋ᠷᠴᠤᠳ ᠢ ᠵᠣᠬᠢᠶᠠᠨ ᠪᠠᠶᠢᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤ ᠺᠠᠳ᠋ᠷᠴᠤᠳ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠤᠨ ᠰᠡᠷᠡᠮᠵᠢ ᠶᠢᠨ ᠲᠡᠮᠳᠡᠭᠯᠡᠯ︾᠎ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠰᠣᠨᠢᠷᠬᠠᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃    ᠰᠡᠷᠡᠮᠵᠢᠯᠡᠭᠦᠯᠬᠦ ᠬᠥᠮᠦᠵᠢᠯ ᠤᠨ ᠹᠢᠯᠢᠮ ᠨᠢ ᠳᠡᠷᠭᠡᠳᠡᠬᠢ ᠨᠡᠶᠢᠲᠡᠯᠢᠭ ᠬᠡᠷᠡᠭ ᠤᠨ ᠵᠢᠱᠢᠶ᠎ᠡ ᠪᠠᠷ ᠵᠠᠯᠠᠭᠤ ᠺᠠᠳ᠋ᠷᠴᠤᠳ ᠲᠤ ᠰᠡᠷᠡᠮᠵᠢ ᠶᠢᠨ ᠳᠣᠬᠢᠶ᠎ᠠ ᠥᠭᠴᠦ᠂ ᠤᠯᠠᠭᠠᠨ ᠳ᠋ᠧᠩ ᠭᠡᠷᠡᠯᠳᠦᠬᠦᠯᠵᠦ᠂ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠵᠤ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠰ ᠢᠶᠠᠨ ᠬᠥᠮᠦᠵᠢᠭᠦᠯᠵᠦ᠂ ᠰᠡᠷᠡᠮᠵᠢᠯᠡᠭᠦᠯᠦᠨ ᠰᠦᠷᠳᠡᠭᠦᠯᠬᠦ ᠶᠢ ᠴᠢᠩᠭᠠᠳᠬᠠᠵᠤ᠂ ᠵᠠᠯᠠᠭᠤ ᠺᠠᠳ᠋ᠷᠴᠤᠳ ᠤᠨ ᠠᠷᠢᠭᠤᠨ ᠴᠢᠬᠡᠴᠢ ᠪᠠᠷ ᠠᠵᠢᠯᠯᠠᠬᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ ᠦᠵᠡᠯ ᠰᠠᠨᠠᠭᠠᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃    ᠰᠦᠨ ᠬᠤᠤ᠂ ᠵᠠᠯᠠᠭᠤ ᠺᠠᠳ᠋ᠷ ᠬᠡᠷᠡᠭ ᠢᠶᠠᠷ ᠲᠤᠯᠢ ᠪᠣᠯᠭᠠᠬᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠤᠷᠢᠭ᠎ᠠ ᠱᠤᠭᠤᠮ ᠲᠣᠭᠲᠠᠭᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠰᠠᠨᠠᠭᠠᠴᠢᠯᠠᠭ᠎ᠠ ᠠᠴᠠ ᠪᠠᠨ ᠤᠯᠠᠭᠠᠨ ᠱᠤᠭᠤᠮ ᠲᠣᠭᠲᠠᠭᠠᠵᠤ᠂ ᠦᠢᠯᠡ ᠠᠵᠢᠯᠯᠠᠭ᠎ᠠ ᠳᠡᠭᠡᠷ᠎ᠡ ᠪᠠᠨ ᠵᠠᠭᠠᠭ ᠱᠤᠭᠤᠮ ᠢ ᠲᠣᠳᠣᠷᠬᠠᠶᠢᠯᠠᠵᠤ᠂ ᠲᠦᠷᠦᠭᠦᠯᠡᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠬᠤᠷᠢᠭ᠎ᠠ ᠱᠤᠭᠤᠮ ᠢ ᠰᠠᠬᠢᠬᠤ ᠶᠢ ᠮᠡᠳᠡᠬᠦ ᠳᠡᠭᠡᠷ᠎ᠡ ᠬᠦᠴᠦ ᠲᠠᠯᠪᠢᠬᠤ ᠬᠡᠷᠡᠭᠲᠡᠢ︔ ᠵᠠᠯᠠᠭᠤ ᠺᠠᠳ᠋ᠷᠴᠤᠳ ᠥᠪᠡᠷ ᠢ ᠪᠠᠨ ᠵᠥᠪ ᠢᠶᠠᠷ ᠦᠵᠡᠵᠦ᠂ ᠴᠠᠭ ᠢᠮᠠᠭᠲᠠ ᠳᠠᠷᠤᠤ ᠬᠢᠴᠢᠶᠡᠩᠭᠦᠢ ᠰᠡᠳᠬᠢᠯ ᠲᠠᠢ ᠪᠠᠶᠢᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠬᠡᠷᠡᠭᠲᠡᠢ︔ ᠵᠥᠪ ᠡᠷᠬᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠤᠢ ᠪᠣᠯᠭᠠᠵᠤ᠂ ᠥᠪᠡᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠶᠡᠷᠦᠩᠬᠡᠶᠢᠯᠡᠭᠰᠡᠨ ᠬᠡᠪ ᠴᠢᠨᠠᠷ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠣ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号