ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 132 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/14
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 132 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ 7 ᠰᠠᠷ᠎ᠠ ᠶᠢᠨ 25᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 7 ᠰᠠᠷ᠎ᠠ ᠶᠢᠨ 30᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠴᠡᠷᠢᠭ ᠠᠴᠠ ᠬᠠᠯᠠᠭᠳᠠᠭᠰᠠᠳ᠂ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶ᠎ᠠ︾᠎ ᠶᠢ ᠤᠯᠠᠮᠵᠢᠯᠠᠨ ᠰᠤᠷᠤᠯᠴᠠᠪᠠ︔ ᠬᠠᠶᠢᠷᠤᠪ ᠤᠨ ᠲᠤᠬᠤᠢ ᠲᠣᠭᠤᠷᠢᠭ ᠤᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ ᠲᠤᠰᠬᠠᠢ ᠳᠤᠭᠤᠶᠢᠯᠠᠩ ᠤᠨ ᠠᠵᠢᠯ ᠤᠨ ᠠᠬᠢᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠰᠦᠨ ᠬᠤᠤ᠂ ᠬᠠᠶᠢᠷᠤᠪ ᠤᠨ ᠲᠤᠬᠤᠢ ᠶᠢᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠵᠠᠳᠠᠯᠤᠯᠲᠠ ᠮᠠᠭᠠᠳᠯᠠᠯᠲᠠ ᠳᠡᠭᠡᠷ᠎ᠡ ᠦᠨᠡᠨ ᠬᠦ ᠨᠢᠭᠡᠳᠬᠡᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠣᠭᠲᠠᠭᠠᠵᠤ᠂ ᠠᠵᠤ ᠠᠬᠤᠢ ᠶᠢᠨ ᠠᠵᠢᠯᠯᠠᠭᠠᠨ ᠤ ᠰᠡᠷᠭᠦᠨ ᠰᠠᠶᠢᠵᠢᠷᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠵᠦᠢᠯ ᠤᠨ ᠠᠵᠤ ᠠᠬᠤᠢ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠬᠦᠳᠦᠯᠦᠨ ᠵᠢᠯᠣᠭᠤᠳᠬᠤ ᠬᠡᠷᠡᠭᠲᠡᠢ︔ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠢ ᠬᠦᠳᠦᠯᠦᠨ ᠵᠢᠯᠣᠭᠤᠳᠴᠤ ᠳᠠᠪᠠᠭᠤᠯᠢᠭ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠭᠤᠣᠯ ᠶᠡᠭᠡ ᠲᠠᠯ᠎ᠠ ᠶᠢᠨ ᠲᠣᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠨᠢᠭᠡᠴᠡ ᠬᠠᠷᠠᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠲᠠᠢ ᠨᠢᠭᠲᠠ ᠤᠶᠠᠯᠳᠤᠭᠤᠯᠤᠨ᠂ ᠠᠵᠢᠯ ᠢ ᠨᠠᠶᠢᠳᠠᠪᠤᠷᠢᠵᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠳᠤ ᠴᠢᠭᠯᠡᠭᠦᠯᠦᠨ ᠨᠠᠭᠠᠳᠤ ᠵᠠᠬ᠎ᠠ ᠳᠠᠭᠠᠨ ᠨᠢᠭᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠳᠤᠷᠠᠳᠬᠤ ᠶᠢᠨ ᠬᠠᠮᠲᠤ ᠲᠡᠭᠦᠨ ᠲᠠᠢ ᠵᠣᠬᠢᠴᠠᠯᠳᠤᠭᠰᠠᠨ ᠳᠡᠭᠡᠳᠦ ᠱᠠᠲᠤᠨ ᠤ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠲᠣᠳᠣᠷᠬᠠᠶᠢᠯᠠᠵᠤ᠂ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠬᠤᠷᠠᠯᠳᠤᠭᠤᠯᠬᠤ ᠪᠠᠷ ᠳᠠᠮᠵᠢᠭᠤᠯᠤᠨ᠂ ᠬᠠᠷᠠᠯᠲᠠ ᠡᠭᠦᠷᠭᠡ᠂ ᠪᠡᠶᠡᠯᠡᠭᠦᠯᠬᠦ ᠴᠠᠭ ᠤᠨ ᠬᠢᠵᠠᠭᠠᠷ ᠵᠡᠷᠭᠡ ᠶᠢ ᠰᠤᠳᠤᠯᠤᠨ ᠲᠣᠭᠲᠠᠭᠠᠬᠤ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ ᠶᠢ ᠪᠠᠷᠢᠮᠲᠠᠯᠠᠵᠤ᠂ ᠰᠢᠨ᠎ᠡ ᠳᠠᠷᠤᠭ᠎ᠠ ᠶᠢᠨ ᠬᠠᠭᠤᠴᠢᠨ ᠲᠠᠩᠰᠠ ᠶᠢ ᠪᠡᠶᠡᠯᠡᠭᠦᠯᠬᠦ ᠬᠡᠷᠡᠭᠲᠡᠶ︔ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠰᠡᠷᠭᠡᠭ ᠴᠢᠨᠠᠷ ᠢ ᠲᠠᠰᠤᠷᠠᠯᠳᠠ ᠦᠭᠡᠢ ᠬᠥᠮᠦᠵᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠠᠭᠤᠳᠠᠯᠤᠨ ᠪᠠᠳᠠᠷᠠᠭᠤᠯᠬᠤ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠰᠢᠭᠤᠷᠬᠠᠢ ᠪᠠᠷ ᠬᠡᠷᠡᠭᠵᠢᠭᠦᠯᠵᠦ᠂ ᠡᠯ᠎ᠡ ᠲᠦᠷᠦᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠩᠬᠠᠷᠴᠤ᠂ ᠠᠰᠠᠭᠤᠳᠠᠯ ᠢ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ︔ ᠬᠠᠶᠢᠷᠤᠪ ᠤᠨ ᠲᠤᠬᠤᠢ ᠲᠣᠭᠤᠷᠢᠭ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠴᠢᠨᠠᠷ ᠰᠠᠶᠢᠲᠠᠢ ᠪᠦᠳᠦᠭᠡᠨ ᠪᠠᠶᠢᠭᠤᠯᠵᠤ᠂ ᠡᠨᠧᠷᠭᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠲᠤᠷ ᠪᠠᠶᠢᠭᠤᠯᠤᠨ ᠰᠢᠯᠢᠳᠡᠭᠵᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠬᠥᠳᠡᠭᠡ ᠶᠢ ᠠᠭᠤᠰᠤᠯᠴᠠᠭᠤᠯᠬᠤ ᠤᠨᠴᠠᠯᠢᠭᠳᠤ ᠳᠠᠪᠠᠭᠤᠯᠢᠭ ᠢ ᠪᠠᠳᠠᠷᠠᠭᠤᠯᠵᠤ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠰᠢᠰᠲ᠋ᠧᠮ ᠢ ᠪᠠᠶᠢᠭᠤᠯᠵᠤ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠬᠡᠷᠡᠭᠲᠡᠢ᠃ ᠣᠳᠣᠬᠠᠨ ᠤ ᠪᠠᠶᠢᠳᠠᠯ ᠢ ᠣᠨᠣᠪᠴᠢᠲᠠᠢ ᠡᠵᠡᠮᠳᠡᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠠᠰᠠᠭᠤᠳᠠᠯ ᠤᠨ ᠬᠦᠷᠦᠯᠴᠡᠬᠦ ᠦᠭᠡᠢ ᠲᠠᠯ᠎ᠠ ᠳᠤ ᠵᠥᠪ ᠢᠶᠠᠷ ᠬᠠᠨᠳᠤᠵᠤ᠂ ᠳᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠪᠣᠳᠠᠲᠠᠢ ᠠᠷᠭ᠎ᠠ ᠬᠡᠮᠵᠢᠶ᠎ᠡ ᠠᠪᠴᠤ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠤ ᠬᠡᠯᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号