ᠬᠠᠶᠢᠷᠤᠪ ᠤᠨ ᠲᠤᠬᠤᠢ ᠲᠣᠭᠤᠷᠢᠭ ᠨᠠᠰᠤᠨ ᠳᠤ ᠦᠯᠦ ᠬᠦᠷᠦᠭᠰᠡᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠪᠠ
ᠨᠡᠶᠢᠲᠡᠯᠡᠭᠰᠡᠨ ᠴᠠᠭ᠄
2024/8/16
    ᠨᠠᠰᠤᠨ ᠳᠤ ᠥᠯᠥ ᠭᠦᠷᠦᠭᠰᠡᠳ ᠤᠨ ᠲᠣᠰ ᠪᠡᠶ᠎ᠡ ᠶᠢᠨ ᠡᠷᠬᠡ ᠠᠰᠢᠭ ᠤᠨ ᠲᠤᠬᠠᠶ ᠣᠶᠢᠯᠠᠭᠠᠯᠲᠠ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠰᠤᠨ ᠳᠤ ᠦᠯᠤ ᠬᠥᠷᠦᠭᠰᠡᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠪᠠᠭᠠᠰᠬᠠᠵᠤ᠂ ᠪᠥᠬᠦ ᠨᠡᠶᠢᠭᠡᠮ ᠤᠨ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠲᠤᠬᠠᠶ ᠲᠠᠨᠢᠯᠲᠠ ᠪᠠ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠦᠷᠢᠯᠳᠦᠬᠦᠨ ᠨᠢᠭᠡᠴᠡ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠨᠠᠰᠤᠨ ᠳᠤ ᠦᠯᠤ ᠬᠥᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠲᠤ ᠪᠠᠷ ᠰᠠᠬᠢᠨ ᠬᠠᠮᠠᠭᠠᠯᠠᠨ᠎ᠠ᠃
36461_700x700.png   
    ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ ᠪᠠᠶᠢᠴᠠᠭᠠᠬᠤ ᠲᠤᠰᠢᠶᠠᠯᠲᠠᠨ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ ᠬᠤᠤᠷᠲᠤ ᠡᠳ᠋ ᠢ ᠴᠠᠭᠠᠵᠠᠯᠠᠬᠤ ᠬᠠᠮᠢᠶ᠎ᠠ ᠪᠥᠬᠦᠶ ᠮᠡᠳᠡᠯᠭᠡ ᠶᠢ ᠤᠬᠠᠭᠤᠯᠵᠤ᠂ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠬᠤ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠪᠠᠭᠰᠢ ᠰᠤᠷᠤᠭᠴᠢᠳ ᠲᠤ ᠬᠤᠤᠷᠲᠤ ᠡᠳ᠋ ᠤᠨ ᠲᠥᠷᠥᠯ ᠵᠤᠶᠢᠯ ᠤᠨ ᠣᠨᠴᠠᠯᠢᠭ᠂ ᠬᠤᠤᠷᠲᠤ ᠡᠳ᠋ ᠤᠨ ᠬᠤᠪᠢ ᠬᠥᠮᠦᠨ᠂ ᠬᠡᠷ ᠪᠦᠯᠢ᠂ ᠨᠡᠶᠢᠭᠡᠮ ᠳᠤ ᠤᠴᠠᠷᠠᠭᠤᠯᠤᠭᠰᠠᠨ ᠬᠤᠤᠷ ᠬᠥᠨᠥᠭᠡᠯ ᠵᠢᠴᠢ ᠬᠤᠤᠷᠲᠤ ᠡᠳ᠋ ᠢ ᠰᠡᠷᠭᠡᠶᠢᠯᠡᠬᠦ ᠮᠡᠳᠡᠯᠭᠡ ᠶᠢ ᠲᠠᠨᠢᠯᠴᠠᠭᠤᠯᠵᠤ᠂ ᠪᠠᠭᠰᠢ ᠰᠤᠷᠤᠭᠴᠢᠳ ᠤᠨ ᠬᠤᠤᠷᠲᠤ ᠡᠳ᠋ ᠢ ᠣᠶᠢᠯᠠᠭᠠᠬᠤ᠂ ᠬᠤᠤᠷᠲᠤ ᠡᠳ᠋ ᠢ ᠲᠠᠨᠢᠬᠤ᠂ ᠬᠤᠤᠷᠲᠤ ᠡᠳ᠋ ᠠᠴᠠ ᠬᠤᠯᠠ ᠵᠠᠶᠢᠳᠠᠬᠤ ᠶᠢ ᠦᠨᠡᠨ ᠬᠦ ᠪᠠᠲᠤᠯᠠᠪᠠ᠃
   ᠬᠠᠶᠢᠷᠤᠪ ᠤᠨ ᠲᠤᠬᠤᠢ ᠲᠣᠭᠤᠷᠢᠭ ᠤᠨ ᠰᠢᠭᠦᠬᠦ ᠬᠤᠷᠢᠶᠠᠨ ᠤ ᠲᠠᠶᠢᠯᠪᠤᠷᠢᠯᠠᠭᠴᠢ ᠰᠤᠷᠤᠭᠴᠢᠳ ᠢ ᠳᠠᠭᠠᠭᠤᠯᠤᠨ  ᠬᠡᠷᠡᠭ ᠢ ᠬᠦᠯᠢᠶᠡᠨ ᠠᠪᠬᠤ ᠶᠡᠭᠡ ᠲᠢᠩᠬᠢᠮ ᠳᠤ ᠬᠦᠷᠴᠦ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠪᠠ ᠦᠢᠯᠡᠳᠦᠯᠭᠡ ᠪᠠᠷ ᠳᠠᠮᠵᠢᠭᠤᠯᠵᠤ᠂ ᠬᠡᠦᠬᠡᠳ ᠤᠳ ᠲᠤ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠬᠡᠷᠬᠢᠨ ᠰᠡᠷᠭᠡᠶᠢᠯᠡᠬᠦ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠡᠷᠬᠢᠨ ᠬᠠᠮᠠᠭᠠᠯᠠᠬᠤ ᠵᠡᠷᠭᠡ ᠮᠡᠳᠡᠯᠭᠡ ᠶᠢ ᠲᠠᠶᠢᠯᠪᠤᠷᠢᠯᠠᠨ ᠥᠭᠴᠦ᠂ ᠰᠤᠷᠤᠭᠴᠢᠳ ᠢ ᠠᠵᠢᠯ ᠶᠠᠪᠤᠳᠠᠯ ᠲᠣᠬᠢᠶᠠᠯᠳᠤᠪᠠᠯ ᠰᠡᠳᠬᠢᠯ ᠳᠣᠭᠳᠣᠯᠵᠤ ᠪᠣᠯᠬᠤ ᠦᠭᠡᠢ᠂ ᠰᠦᠯᠵᠢᠶᠡᠨ ᠤ ᠶᠢᠷᠲᠢᠨᠴᠦ ᠳᠤ ᠰᠢᠨᠤᠵᠤ ᠪᠣᠯᠬᠤ ᠦᠭᠡᠢ᠂ ᠬᠠᠤᠯᠢ ᠶᠢ ᠰᠤᠷᠤᠯᠴᠠᠬᠤ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ ᠰᠠᠶᠢᠨ ᠰᠤᠷᠤᠭᠴᠢ ᠪᠣᠯᠬᠤ ᠬᠡᠷᠡᠭᠲᠡᠢ ᠭᠡᠵᠦ ᠬᠥᠮᠦᠵᠢᠭᠦᠯᠦᠨ ᠵᠤᠷᠢᠭᠵᠢᠭᠤᠯᠪᠠ᠃
    ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠢ ᠬᠠᠶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠸᠠᠩ ᠽᠢ ᠬᠠᠤᠯᠢᠴᠢ ᠶᠢ ᠤᠷᠢᠵᠤ ᠭᠤᠸᠠᠩ ᠮᠢᠩ ᠵᠠᠮ ᠤᠨ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠲᠤ ︽ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠲᠡᠪᠴᠢᠬᠦ︾᠎ ᠪᠠᠷ ᠭᠤᠤᠯ ᠰᠡᠳᠦᠪ ᠪᠣᠯᠭᠠᠵᠤ ᠬᠠᠤᠯᠢ ᠲᠦᠭᠡᠮᠡᠯᠵᠢᠭᠦᠯᠬᠦ ᠲᠠᠶᠢᠯᠤᠮᠵᠢ ᠥᠷᠨᠢᠭᠦᠯᠪᠡ᠃ ᠸᠠᠩ ᠬᠠᠤᠯᠢᠴᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠲᠣᠮᠢᠶᠠᠯᠠᠯ ᠢ ᠨᠠᠷᠢᠨ ᠲᠠᠶᠢᠯᠪᠤᠷᠢᠯᠠᠵᠤ᠂ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠬᠠᠮᠲᠤ ᠰᠤᠷᠤᠭᠴᠢᠳ ᠲᠤ ᠠᠳᠠᠯᠢ ᠪᠤᠰᠤ ᠲᠥᠷᠥᠯ ᠬᠡᠯᠪᠡᠷᠢ ᠶᠢᠨ ᠳᠣᠷᠣᠮᠵᠢᠯᠠᠯ ᠤᠨ ᠦᠢᠯᠡ ᠠᠵᠢᠯᠯᠠᠭ᠎ᠠ ᠵᠢᠴᠢ ᠲᠡᠭᠦᠨ ᠤ ᠦᠷ᠎ᠡ ᠳ᠋ᠦᠩ ᠢ ᠲᠠᠶᠢᠯᠪᠤᠷᠢᠯᠠᠬᠤ ᠶᠢᠨ ᠬᠠᠮᠲᠤ ᠬᠠᠮᠲᠤ ᠰᠤᠷᠤᠭᠴᠢᠳ ᠤᠨ ᠳᠣᠷᠣᠮᠵᠢᠯᠠᠯ ᠤᠨ ᠦᠢᠯᠡ ᠠᠵᠢᠯᠯᠠᠭ᠎ᠠ ᠶᠢ ᠵᠣᠷᠢᠭᠲᠠᠶ ᠪᠠᠷ ᠲᠡᠪᠴᠢᠬᠦ ᠶᠢ ᠵᠤᠷᠢᠭᠵᠢᠭᠤᠯᠪᠠ᠃ ᠲᠠᠶᠢᠯᠤᠮᠵᠢ ᠶᠢᠨ ᠡᠴᠦᠰ ᠤᠨ ᠱᠠᠲᠤᠨ ᠳᠤ ᠰᠤᠷᠤᠭᠴᠢᠳ ᠢᠳᠡᠪᠬᠢᠲᠡᠶ ᠪᠠᠷ ᠥᠪᠡᠷ ᠤᠨ ᠮᠠᠳᠠᠭ ᠲᠠᠢ ᠠᠰᠠᠭᠤᠳᠠᠯ ᠪᠠ ᠲᠥᠭᠡᠷᠢᠭᠳᠡᠯ ᠢᠶᠠᠨ ᠳᠤᠷᠠᠳᠴᠤ᠂ ᠸᠠᠩ ᠬᠠᠤᠯᠢᠴᠢ ᠴᠥᠮ ᠬᠦᠯᠢᠴᠡᠩᠭᠦᠶ ᠪᠠᠷ ᠬᠠᠷᠢᠭᠤᠯᠲᠠ ᠥᠭᠬᠦ ᠶᠢᠨ ᠬᠠᠮᠲᠤ ᠠᠵᠢᠯᠲᠠᠳ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾᠂ ︽ᠬᠠᠤᠯᠢ ᠴᠠᠭᠠᠵᠠ ᠶᠢᠨ ᠲᠤᠰᠠᠯᠠᠮᠵᠢ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠵᠢᠴᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃
36466_700x700.png   
    ᠰᠤᠷᠭᠠᠨ ᠬᠥᠮᠦᠵᠢᠯ ᠤᠨ ᠲᠣᠪᠴᠢᠶ᠎ᠠ ᠵᠢᠭᠠᠨ ᠰᠤᠳᠤᠯᠬᠤ ᠳᠤᠭᠤᠶᠢᠯᠠᠩ ᠢᠶᠠᠷ ᠨᠢᠭᠡᠴᠢ ᠪᠣᠯᠭᠠᠨ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠎ ᠶᠢᠨ ᠪᠠᠭᠰᠢ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢ ᠥᠷᠨᠢᠭᠦᠯᠬᠦ ᠶᠢᠨ ᠬᠠᠮᠲᠤ ᠠᠩᠭᠢ ᠠᠩᠭᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠦᠯᠵᠢᠶᠡᠨ ᠤ ᠰᠢᠨᠤᠬᠠᠶ ᠶᠢ ᠲᠡᠪᠴᠢᠬᠦ ᠵᠢᠴᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠵᠡᠷᠭᠡ ᠦᠨᠡᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠎ ᠳᠤ ᠲᠠᠶᠢᠯᠤᠮᠵᠢ ᠬᠢᠵᠦ᠂ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠬᠡᠦᠬᠡᠳ ᠢ ᠬᠠᠷᠠᠬᠠᠨ ᠪᠠᠭ᠎ᠠ ᠠᠴᠠ ᠪᠠᠨ ᠬᠠᠤᠯᠢ ᠶᠢ ᠮᠡᠳᠡᠵᠦ ᠬᠠᠤᠯᠢ ᠶᠢ ᠰᠠᠬᠢᠵᠤ᠂ ᠬᠡᠷᠬᠢᠨ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠢ ᠪᠠᠨ ᠬᠠᠮᠠᠭᠠᠯᠠᠬᠤ ᠶᠢ ᠣᠶᠢᠯᠠᠭᠠᠵᠤ᠂ ᠰᠡᠷᠭᠡᠶᠢᠯᠡᠬᠦ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠰᠤᠷᠤᠭᠴᠢᠳ ᠤᠨ ᠬᠠᠷᠠᠭᠠᠰᠤ ᠠᠴᠠ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠎ ᠶᠢ ᠣᠶᠢᠯᠠᠭᠠᠪᠠ᠃    ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠣᠯᠠᠨ ᠵᠦᠢᠯ ᠤᠨ ᠬᠡᠯᠪᠡᠷᠢ ᠪᠠ ᠠᠷᠭ᠎ᠠ ᠵᠠᠮ ᠢᠶᠠᠷ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠦᠬᠦ ᠨᠡᠶᠢᠭᠡᠮ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠶᠢᠨ ᠠᠩᠬᠠᠷᠤᠯ ᠤᠨ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠨᠢᠭᠡᠴᠡ ᠨᠦᠭᠦᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ︽ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ︾ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠶᠢ ᠪᠠᠷᠢᠮᠲᠠᠯᠠᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷᠲᠤ ᠴᠢᠨᠠᠷ᠂ ᠢᠳᠡᠪᠬᠢᠵᠢᠯ ᠢ ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠪᠠᠷ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠳᠤ ᠪᠠᠲᠤ ᠴᠢᠩᠭ᠎ᠠ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号