ᠬᠠᠶᠢᠷᠤᠪ ᠤᠨ ᠲᠤᠬᠤᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠨᠡᠶᠢᠭᠡᠮ ᠲᠣᠭᠤᠷᠢᠭ ᠲᠤ ᠣᠷᠣᠭᠤᠯᠬᠤ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2024/8/16
    8 ᠰᠠᠷ᠎ᠠ ᠶᠢᠨ 14᠎ ᠤ ᠡᠳᠦᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠨᠡᠶᠢᠭᠡᠮ ᠲᠣᠭᠤᠷᠢᠭ ᠲᠤ ᠣᠷᠣᠭᠤᠯᠬᠤ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠬᠠᠶᠢᠷᠤᠪ ᠤᠨ ᠲᠤᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠢ ᠯᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠶᠠᠪᠤᠭᠳᠠᠪᠠ᠃
   ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠸᠢᠳᠢᠣ᠋ ᠨᠢ ᠪᠢᠴᠢᠬᠠᠨ ᠨᠠᠶᠢᠵᠠ ᠨᠠᠷ ᠲᠤ ᠮᠠᠨ ᠤ ᠤᠯᠤᠰ ᠤᠨ ᠴᠡᠷᠢᠭ ᠤᠨ ᠪᠠᠭᠠᠲᠤᠷᠯᠢᠭ ᠦᠢᠯᠡ ᠠᠵᠢᠯᠯᠠᠭ᠎ᠠ ᠶᠢ ᠭᠦᠨᠵᠡᠭᠡᠢ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠬᠡᠦᠬᠡᠳ ᠤᠳ ᠢ ᠰᠥᠨᠥᠭᠡᠭᠴᠢ —11B ᠪᠠᠶᠢᠯᠳᠤᠭᠠᠨ ᠤ ᠨᠢᠰᠬᠡᠯ ᠳᠤ ᠭᠦᠨ ᠵᠤᠵᠠᠭᠠᠨ ᠳᠤᠷ᠎ᠠ ᠰᠣᠨᠢᠷᠬᠠᠯ ᠲᠠᠢ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠳᠠᠭᠠᠭᠤᠯᠭ᠎ᠠ ᠳᠣᠣᠷ᠎ᠠ ᠰᠥᠨᠥᠭᠡᠭᠴᠢ —11B ᠪᠠᠶᠢᠯᠳᠤᠭᠠᠨ ᠤ ᠨᠢᠰᠬᠡᠯ ᠦᠢᠯᠡᠳᠬᠦ ᠶᠢ ᠰᠤᠷᠤᠯᠴᠠᠭᠤᠯᠵᠠᠢ᠃
    ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠬᠡᠤᠬᠡᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠬᠡᠤᠬᠡᠳ ᠤᠨ ᠠᠮᠢᠳᠤᠷᠠᠯ ᠳᠤ ᠭᠦᠨ ᠵᠤᠵᠠᠭᠠᠨ ᠤᠯᠤᠰ ᠢᠶᠠᠨ ᠬᠠᠶᠢᠷᠠᠯᠠᠬᠤ ᠥᠩᠭᠡ ᠪᠤᠳᠤᠭ ᠨᠡᠮᠡᠷᠢᠯᠡᠵᠦ᠂ ᠲᠡᠳᠡᠨ ᠢ ᠬᠠᠪᠰᠤᠷᠤᠨ ᠦᠰᠦᠨ ᠪᠤᠶᠢᠵᠢᠬᠤ ᠶᠠᠪᠤᠴᠠ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠪᠣᠶ ᠪᠣᠯᠭᠠᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠢ ᠬᠥᠮᠦᠵᠢᠭᠦᠯᠵᠡᠶ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠷᠭᠦᠯᠵᠢᠯᠡᠨ ᠬᠤᠯᠪᠣᠭᠳᠠᠯ ᠪᠦᠬᠦᠢ ᠨᠢᠭᠡᠴᠢ ᠲᠠᠢ ᠬᠠᠮᠲᠤᠷᠠᠯᠴᠠᠬᠤ ᠪᠠᠨ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ ᠶᠢᠨ ᠠᠭᠤᠯᠭ᠎ᠠ ᠶᠢ ᠢᠳᠡᠪᠬᠢᠲᠡᠢ ᠥᠷᠭᠡᠳᠬᠡᠵᠦ᠂ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯᠯᠠᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠤᠯᠤᠰ ᠤᠨ ᠴᠡᠴᠡᠭᠯᠡᠯ ᠬᠥᠭᠵᠢᠯ ᠳᠤ ᠬᠠᠷᠢᠭᠤᠴᠠᠯᠭ᠎ᠠ ᠲᠠᠢ ᠰᠢᠨ᠎ᠡ ᠨᠢᠭᠡ ᠦᠶ᠎ᠡ ᠶᠢᠨ ᠬᠢᠨ ᠢ ᠪᠤᠶᠢᠵᠢᠭᠤᠯᠬᠤ ᠪᠠᠷ ᠪᠤᠢ᠃
    ᠲᠣᠰ ᠤᠳᠠᠭᠠᠨ ᠤ ᠠᠵᠢᠯᠯᠠᠭ᠎ᠠ ᠶᠢ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠬᠠᠶᠢᠷᠤᠪ ᠤᠨ ᠲᠣᠬᠤᠶ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠤᠶᠢᠯᠡᠴᠢᠯᠡᠭᠡᠨ ᠤ ᠲᠥᠪ ᠳᠠᠭᠠᠭᠠᠴᠢᠯᠠᠨ ᠡᠷᠭᠢᠯᠡᠵᠦ᠂ ᠬᠠᠶᠢᠷᠤᠪ ᠤᠨ ᠲᠣᠬᠤᠶ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠯᠢᠨ ᠶᠢᠨ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠭᠠᠵᠠᠷ᠂ ᠢ ᠯᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠥᠷᠲᠡᠭᠡ ᠬᠠᠮᠵᠢᠯᠴᠠᠨ ᠡᠷᠭᠢᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号