ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠳᠠᠶᠢᠴᠢᠯᠠᠯᠲᠠ ᠵᠢᠴᠢ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/16
    8 ᠰᠠᠷ᠎ᠠ ᠶᠢᠨ 15᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠳᠠᠶᠢᠴᠢᠯᠠᠯᠲᠠ ᠵᠢᠴᠢ ᠪᠣᠯᠪᠠᠰᠤᠷᠠᠯ ᠤᠨ ᠬᠤᠷᠠᠯ ᠬᠤᠷᠠᠯᠳᠤᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠶᠠᠩ ᠴᠢᠩ ᠲᠠᠶᠢᠴᠢᠯᠠᠯᠳᠠ ᠶᠢᠨ ᠶᠠᠷᠢᠶ᠎ᠠ ᠲᠠᠯᠪᠢᠪᠠ᠃    ᠬᠤᠷᠠᠯ ᠳᠡᠭᠡᠷ᠎ᠡ᠂ ᠦᠬᠠᠢ ᠬᠤᠳᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠡᠳ᠋ ᠳᠠᠷᠤᠭ᠎ᠠ᠂ ᠳᠡᠳ᠋ ᠫᠷᠤᠹᠧᠰᠰᠤᠷ ᠵᠢᠶᠠᠩ ᠬᠦᠢ ᡁᠢ ᠪᠠᠭᠰᠢ ᠶᠢ ᠤᠷᠢᠵᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠭᠤᠣᠯᠳᠠᠯᠭ᠎ᠠ᠂ ᠡᠲᠡᠭᠡᠳ ᠢᠶᠠᠨ ᠬᠠᠷᠢᠯᠴᠠᠨ ᠬᠥᠳᠡᠯᠦᠯᠴᠡᠬᠦ ᠮᠠᠶ᠋ᠢᠭ ᠤᠨ ᠤᠬᠠᠭᠤᠯᠤᠨ ᠲᠠᠶᠢᠯᠪᠤᠷᠢᠯᠠᠬᠤ ᠤᠷ᠎ᠠ ᠮᠡᠷᠭᠡᠵᠢᠯ ᠵᠡᠷᠭᠡ ᠲᠠᠯ᠎ᠠ ᠪᠠᠷ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠳᠤ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠬᠥᠲᠥᠯᠪᠦᠷᠢ︾᠎ ᠶᠢᠨ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠪᠣᠯᠪᠠᠰᠤᠷᠠᠯ ᠬᠢᠯᠭᠡᠪᠡ᠃ ᠪᠣᠯᠪᠠᠰᠤᠷᠠᠯ ᠤᠨ ᠶᠠᠪᠤᠴᠠ ᠳᠤ ᠠᠮᠢᠳᠤᠯᠢᠭ ᠪᠣᠳᠠᠲᠤ ᠵᠢᠱᠢᠶ᠎ᠡ᠂ ᠨᠠᠷᠢᠨ ᠪᠣᠳᠠᠲᠠᠢ ᠲᠤᠭ᠎ᠠ ᠪᠠᠷᠢᠮᠲᠠ ᠶᠢ ᠵᠢᠭᠰᠠᠭᠠᠵᠤ᠂ ᠤᠨᠤᠯ ᠤᠨ ᠳᠡᠭᠡᠳᠦ ᠬᠡᠮᠵᠢᠶᠡᠨ ᠤ ᠪᠠ ᠦᠢᠯᠡᠳᠦᠯᠭᠡ ᠶᠢᠨ ᠠᠴᠢ ᠬᠤᠯᠪᠣᠭᠳᠠᠯ ᠲᠠᠢ ᠪᠠᠶᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠶᠤᠮ᠃ ᠳᠠᠷᠠᠭ᠎ᠠ ᠨᠢ᠂ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠤᠬᠠᠭᠤᠯᠤᠨ ᠲᠠᠶᠢᠯᠪᠤᠷᠢᠯᠠᠭᠴᠢ ᠵᠣᠣ ᠨᠠᠨ ᠪᠠᠭᠰᠢ ᠪᠦᠷᠢᠯᠳᠦᠭᠦᠨ ᠳᠤ ᠪᠢᠴᠢᠯ ᠤᠬᠠᠭᠤᠯᠤᠨ ᠲᠠᠶᠢᠯᠪᠤᠷᠢᠯᠠᠵᠤ ᠵᠢᠱᠢᠶ᠎ᠡ ᠦᠵᠡᠭᠦᠯᠪᠡ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠨᠠᠮ ᠪᠦᠬᠦ ᠤᠯᠤᠰ ᠤᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠨᠢ ᠪᠦᠬᠦ ᠨᠡᠶᠢᠭᠡᠮ ᠢ ᠬᠥᠮᠦᠵᠢᠭᠦᠯᠦᠨ ᠵᠢᠯᠣᠭᠤᠳᠴᠤ ᠦᠵᠡᠯ ᠰᠠᠨᠠᠭ᠎ᠠ ᠶᠢ ᠨᠢ ᠨᠢᠭᠡᠳᠬᠡᠬᠦ᠂ ᠵᠣᠷᠢᠭ ᠰᠠᠨᠠᠭ᠎ᠠ ᠶᠢ ᠨᠢ ᠨᠢᠭᠡᠳᠬᠡᠬᠦ᠂ ᠦᠢᠯᠡ ᠠᠵᠢᠯᠯᠠᠭ᠎ᠠ ᠶᠢ ᠨᠢ ᠨᠢᠭᠡᠳᠬᠡᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠦᠬᠠᠢ ᠬᠤᠳᠠ ᠶᠢᠨ ᠨᠠᠮ ᠤᠨ ᠬᠤᠷᠢᠶ᠎ᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠠ ᠬᠤᠷᠠᠯ ᠳᠡᠭᠡᠷ᠎ᠡ ᠬᠢᠭᠰᠡᠨ ᠢᠯᠡᠳᠬᠡᠯ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠎ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠲᠣᠳᠣᠷᠬᠠᠶᠢᠯᠠᠨ ᠰᠠᠶᠢᠲᠤᠷ ᠲᠠᠶᠢᠯᠪᠤᠷᠢᠯᠠᠬᠤ ᠬᠡᠷᠡᠭᠲᠡᠢ ᠭᠡᠵᠤ ᠱᠠᠭᠠᠷᠳᠠᠪᠠ᠃    ᠬᠤᠷᠠᠯ ᠠᠴᠠ᠂ ᠡᠯ᠎ᠡ ᠱᠠᠲᠤᠨ ᠤ ᠤᠬᠠᠭᠤᠯᠤᠨ ᠲᠠᠶᠢᠯᠪᠤᠷᠢᠯᠠᠭᠴᠢ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠨᠠᠭᠠᠰᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠡᠳ ᠣᠯᠤᠭᠰᠠᠨ ᠠᠭᠤᠤ ᠶᠡᠭᠡ ᠠᠮᠵᠢᠯᠲᠠ ᠪᠦᠲᠦᠮᠵᠢ ᠲᠠᠢ ᠨᠢᠭᠲᠠ ᠤᠶᠠᠯᠳᠤᠭᠤᠯᠵᠤ᠂ ᠠᠷᠠᠳ ᠤᠯᠠᠨ ᠤ ᠳᠡᠷᠭᠡᠳᠡᠬᠢ ᠦᠨᠡᠨ ᠪᠣᠳᠠᠲᠠᠢ ᠬᠤᠪᠢᠷᠠᠯᠲᠠ ᠲᠠᠢ ᠨᠢᠭᠲᠠ ᠤᠶᠠᠯᠳᠤᠭᠤᠯᠤᠨ ᠶᠣᠰᠣ ᠤᠴᠢᠷ ᠢ ᠲᠣᠳᠣᠷᠬᠠᠢ ᠶᠠᠷᠢᠵᠤ᠂ ᠦᠵᠡᠯᠲᠡ ᠶᠢ ᠲᠣᠳᠣᠷᠬᠠᠶᠢᠯᠠᠨ ᠲᠠᠶᠢᠯᠪᠤᠷᠢᠯᠠᠬᠤ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ︽ᠤᠬᠠᠭᠤᠯᠤᠨ ᠲᠠᠶᠢᠯᠪᠤᠷᠢᠯᠠᠬᠤ ᠲᠣᠪᠴᠢ︾᠎ ᠶᠢ ᠨᠠᠷᠢᠨ ᠬᠢᠨᠠᠮᠠᠭᠠᠶ ᠰᠤᠷᠤᠯᠴᠠᠵᠤ᠂ ᠭᠠᠵᠠᠷ ᠣᠷᠣᠨ᠂ ᠠᠵᠢᠯ ᠲᠦᠷᠦᠯ᠂ ᠬᠦᠷᠢᠶᠡᠨ ᠤ ᠣᠨᠴᠠᠯᠢᠭ ᠲᠠᠢ ᠤᠶᠠᠯᠳᠤᠭᠤᠯᠵᠤ᠂ ᠲᠤᠰ ᠲᠤᠰ ᠤᠨ ᠤᠬᠠᠭᠤᠯᠤᠨ ᠲᠠᠶᠢᠯᠪᠤᠷᠢᠯᠠᠬᠤ ᠨᠤᠤᠷᠠᠭ ᠢ ᠲᠤᠭᠤᠷᠪᠢᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠤᠯᠠᠨ ᠲᠦᠮᠡᠨ ᠪᠣᠯᠤᠨ ᠦᠢᠯᠡᠴᠢᠯᠡᠬᠦ ᠡᠲᠡᠭᠡᠳ ᠲᠤ ᠬᠠᠨᠳᠤᠭᠤᠯᠤᠨ ᠡᠲᠡᠭᠡᠳᠴᠢᠯᠡᠬᠦ᠂ ᠤᠯᠠᠨ ᠲᠦᠮᠡᠨᠴᠢᠯᠡᠬᠦ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠵᠦ᠂ ᠪᠣᠳᠠᠲᠤ ᠲᠤᠭ᠎ᠠ ᠪᠠᠷᠢᠮᠲᠠ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠶᠣᠰᠣ ᠤᠴᠢᠷ ᠢ ᠲᠣᠳᠣᠷᠬᠠᠢ ᠶᠠᠷᠢᠵᠤ᠂ ᠠᠮᠢᠳᠤᠯᠢᠭ ᠪᠠᠶᠢᠵᠤ᠂ ᠤᠯᠠᠨ ᠲᠦᠮᠡᠨ ᠲᠠᠢ ᠤᠢᠢᠷᠠᠳᠤᠭᠰᠠᠨ ᠦᠭᠡ ᠬᠡᠯᠡ ᠪᠠᠷ ᠦᠵᠡᠯᠲᠡ ᠶᠢ ᠲᠣᠳᠣᠷᠬᠠᠶᠢᠯᠠᠨ ᠥᠭᠦᠯᠡᠵᠦ᠂ ᠥᠷᠭᠡᠨ ᠤᠯᠠᠨ ᠺᠠᠳ᠋ᠷ ᠤᠯᠠᠨ ᠲᠦᠮᠡᠨ ᠳᠤ ᠣᠶᠢᠯᠠᠭᠠᠭᠤᠯᠵᠤ᠂ ᠴᠡᠭᠡᠵᠢᠯᠡᠭᠦᠯᠵᠦ᠂ ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号