ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ
ᠨᠡᠶᠢᠲᠡᠯᠡᠭᠰᠡᠨ ᠴᠠᠭ᠄
2024/8/16
    ︵2024 ᠣᠨ ᠤ 7 ᠰᠠᠷ᠎ᠠ ᠶᠢᠨ 31᠎ ᠤ ᠡᠳᠦᠷ︶    ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠣᠬᠢᠷᠳᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ ᠪᠤᠯᠭᠠᠬᠤ ᠶᠢ ᠠᠬᠢᠭᠤᠯᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠰᠢᠨ᠎ᠡ ᠣᠶᠢᠯᠠᠭᠠᠭᠳᠠᠬᠤᠨ ᠰᠢᠨ᠎ᠡ ᠦᠢᠯᠡᠳᠦᠯᠭᠡ ᠶᠢᠨ ᠴᠢᠬᠤᠯᠠ ᠪᠡᠯᠭᠡ ᠲᠡᠮᠳᠡᠭ ᠮᠥᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠭᠤᠭᠴᠤᠭ᠎ᠠ ᠮᠥᠨ᠂ ᠮᠠᠨ ᠤ ᠤᠯᠤᠰ ᠤᠨ ᠡᠬᠢ ᠪᠠᠶᠠᠯᠢᠭ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠰᠠᠭᠤᠷᠢ ᠪᠤᠯᠬᠤ ᠠᠷᠭ᠎ᠠ ᠪᠣᠳᠣᠯᠭ᠎ᠠ ᠮᠥᠨ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠶᠢᠨ ᠲᠥᠯᠥᠭᠡ᠂ ᠤᠳᠤ ᠳᠣᠣᠷᠠᠬᠢ ᠮᠡᠲᠦ ᠰᠠᠨᠠᠯ ᠢ ᠳᠤᠷᠠᠳᠪᠠ᠃    ᠨᠢᠭᠡ᠂ ᠶᠡᠷᠦᠩᠬᠡᠢ ᠱᠠᠭᠠᠷᠳᠠᠯᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠯᠠᠨ ᠡᠷᠴᠢᠮᠵᠢᠭᠦᠯᠬᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢᠶᠠᠷ ᠤᠳᠤᠷᠢᠳᠤᠮᠵᠢ ᠪᠤᠯᠭᠠᠵᠤ᠂ ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠲᠣᠭᠲᠠᠴᠠ ᠶᠢ ᠪᠦᠷᠢᠨᠰᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠭᠡᠯᠪᠡᠷᠢ᠂ ᠠᠮᠢᠳᠤᠷᠠᠯ ᠤᠨ ᠠᠷᠭ᠎ᠠ ᠮᠠᠶ᠋ᠢᠭ ᠢ ᠪᠤᠶ ᠪᠤᠯᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠲᠦᠯᠬᠢᠨ ᠠᠬᠢᠭᠤᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠤᠨ᠎ᠠ᠃    ᠠᠵᠢᠯ ᠤᠨ ᠳᠤᠮᠳᠠ ᠪᠠᠨ ᠳᠣᠣᠷᠠᠬᠢ ᠵᠦᠢᠯᠡᠰ ᠢ ᠪᠡᠶᠡᠯᠡᠭᠦᠯᠬᠦ ᠬᠡᠷᠡᠭᠲᠡᠢ᠄    — ᠪᠦᠭᠦ ᠲᠠᠯ᠎ᠠ ᠪᠠᠷ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠱᠠᠭᠠᠷᠳᠠᠯᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠳᠤ ᠠᠭᠤᠰᠬᠠᠨ ᠣᠷᠣᠭᠤᠯᠵᠤ᠂ ᠪᠦᠭᠦ ᠲᠠᠯ᠎ᠠ ᠪᠠᠷ᠂ ᠪᠦᠭᠦ ᠬᠦᠷᠢᠶ᠎ᠡ ᠪᠠᠷ᠂ ᠪᠦᠭᠦ ᠣᠷᠣᠨ ᠪᠦᠰᠡ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠥᠮᠥᠨ ᠬᠢᠭᠡᠳ ᠪᠠᠶᠢᠭᠠᠯᠢ ᠶᠢᠨ ᠠᠮᠢ ᠨᠠᠰᠤᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ᠃    — ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠠᠵᠢᠯ ᠲᠥᠷᠥᠯ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ᠭᠤᠣᠯᠳᠠᠯᠭ᠎ᠠ ᠲᠠᠢ ᠰᠢᠪᠲᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠪᠠᠷᠢᠯᠭ᠎ᠠ ᠶᠢᠨ ᠵᠢᠷᠤᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠨᠥᠬᠦᠴᠡᠯ ᠲᠠᠢ ᠭᠠᠵᠠᠷ ᠣᠷᠣᠨ ᠪᠠ ᠠᠵᠢᠯ ᠲᠥᠷᠥᠯ ᠤᠨ ᠬᠢᠨ ᠤ ᠤᠷᠢᠳ ᠢᠶᠠᠷ ᠰᠦᠪᠡᠭᠴᠢᠯᠡᠬᠦ ᠶᠢ ᠵᠣᠷᠢᠭᠵᠢᠭᠤᠯᠬᠤ ᠬᠡᠷᠡᠭᠲᠡᠢ᠃    — ᠰᠢᠨ᠎ᠡ ᠶᠢ ᠡᠭᠦᠳᠦᠨ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠤᠯᠭᠠᠭᠤᠷᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠲᠦᠷᠦ ᠶᠢᠨ ᠪᠣᠳᠣᠯᠭ᠎ᠠ ᠳᠦᠷᠢᠮ ᠤᠨ ᠰᠢᠨ᠎ᠡ ᠶᠢ ᠡᠭᠦᠳᠬᠦ᠂ ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠨᠡᠩ ᠬᠦᠴᠦᠷᠬᠡᠭ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠪᠣᠯᠣᠨ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃    — ᠠᠮᠤᠷ ᠲᠦᠪᠰᠢᠨ ᠢᠶᠠᠷ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠬᠥᠭᠵᠢᠯᠲᠡ ᠪᠠ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠦᠬᠦᠯᠢ ᠴᠣᠭᠴᠠ ᠪᠠ ᠬᠡᠰᠡᠭ ᠲᠠᠯ᠎ᠠ᠂ ᠣᠳᠣᠬᠠᠨ ᠪᠠ ᠠᠯᠤᠰ ᠭᠡᠲᠦ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠲᠤᠯᠭᠠᠷᠠᠵᠤ ᠪᠠᠶᠢᠭ᠎ᠠ ᠳᠣᠲᠣᠭᠠᠳᠤ ᠭᠠᠳᠠᠭᠠᠳᠤ ᠶᠢᠨ ᠠᠶᠤᠯ ᠲᠦᠭᠰᠢᠭᠦᠷᠢ ᠥᠷᠢᠰᠦᠯᠳᠦᠭᠡᠨ ᠢ ᠲᠣᠬᠢᠲᠠᠢ ᠰᠡᠷᠭᠡᠶᠢᠯᠡᠨ ᠠᠷᠢᠯᠭᠠᠵᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠢ ᠨᠠᠩ ᠰᠠᠶᠢᠲᠤᠷ ᠪᠠᠲᠤᠯᠠᠬᠤ ᠬᠡᠷᠡᠭᠲᠡᠢ᠃    ᠭᠤᠣᠯ ᠬᠠᠷᠠᠯᠲᠠ ᠪᠣᠯ᠄ 2030 ᠣᠨ ᠪᠤᠯᠬᠤ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠴᠠ ᠲᠠᠢ ᠪᠤᠯᠭᠠᠵᠤ᠂ ᠪᠣᠬᠢᠷᠳᠤᠯ ᠦᠭᠡᠢ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠦᠨᠳᠦᠰᠦᠨ ᠳᠡᠭᠡᠨ ᠪᠤᠢ ᠪᠤᠯᠭᠠᠵᠤ᠂ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠬᠠᠮᠵᠢᠯᠴᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠭᠤᠣᠯ ᠪᠤᠯᠬᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠬᠢᠷᠳᠤᠯ ᠦᠭᠡᠢ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠪᠠ ᠪᠠᠷᠢᠮᠵᠢᠶ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠣᠨ᠎ᠠ᠃ 2035 ᠣᠨ ᠪᠤᠯᠬᠤ ᠳᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠪᠣᠬᠢᠷᠳᠤᠯ ᠦᠭᠡᠢ ᠦᠢᠯᠡᠳᠪᠦᠷᠢᠯᠡᠯ ᠤᠨ ᠭᠡᠯᠪᠡᠷᠢ ᠪᠣᠯᠣᠨ ᠠᠮᠢᠳᠤᠷᠠᠯ ᠤᠨ ᠠᠷᠭ᠎ᠠ ᠮᠠᠶ᠋ᠢᠭ ᠢ ᠥᠷᠭᠡᠨ ᠢᠶᠠᠷ ᠪᠦᠷᠢᠯᠳᠦᠭᠦᠯᠵᠦ᠂ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠢᠯᠡᠳᠲᠡ ᠠᠬᠢᠴᠠ ᠲᠠᠢ ᠪᠤᠯᠭᠠᠵᠤ᠂ ᠭᠤᠣᠯ ᠪᠤᠯᠬᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠭᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠶᠢᠨ ᠭᠡᠯᠪᠡᠷᠢ ᠳᠤ ᠪᠦᠭᠦ ᠲᠠᠯ᠎ᠠ ᠪᠠᠷ ᠣᠷᠣᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠭᠦᠷᠦᠭᠰᠡᠨ ᠤ ᠳᠠᠷᠠᠭ᠎ᠠ ᠲᠣᠭᠲᠠᠭᠤᠨ ᠤ ᠳᠤᠮᠳᠠ ᠪᠠᠭᠤᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃    ᠬᠤᠶᠠᠷ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠶᠢᠨ ᠪᠠᠶᠢᠷᠢᠰᠢᠯ ᠢ ᠪᠠᠶᠢᠭᠤᠯᠤᠨ᠎ᠠ     ︵ᠨᠢᠭᠡ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠦᠨ᠎ᠡ᠃ ᠪᠦᠭᠦ ᠤᠯᠤᠰ ᠲᠤ ᠨᠢᠭᠡᠳᠦᠯᠲᠡᠢ᠂ ᠬᠠᠷᠢᠭᠤᠴᠠᠯᠭ᠎ᠠ ᠡᠷᠬᠡ ᠲᠣᠳᠣᠷᠬᠠᠢ᠂ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠭᠤᠷᠪᠠᠨ ᠬᠢᠵᠠᠭᠠᠷᠯᠠᠬᠤ ᠱᠤᠭᠤᠮ ᠢ ᠴᠢᠩᠭ᠎ᠠ ᠰᠠᠬᠢᠵᠤ᠂ ᠡᠯ᠎ᠡ ᠲᠦᠷᠦᠯ ᠤᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠭᠤᠣᠯ ᠴᠣᠭᠴᠠ ᠶᠢᠨ ᠴᠢᠳᠠᠮᠵᠢ ᠶᠢᠨ ᠶᠡᠷᠦᠩᠬᠡᠶᠢᠯᠡᠭᠰᠡᠨ ᠪᠠᠶᠢᠷᠢᠰᠢᠭᠤᠯᠤᠯᠲᠠ ᠶᠢ ᠠᠬᠢᠭᠤᠯᠤᠨ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠬᠤᠪᠢᠶᠠᠷᠢᠯᠠᠯ ᠢ ᠨᠠᠷᠢᠯᠢᠭᠵᠢᠭᠤᠯᠵᠤ᠂ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢᠶᠠᠷ ᠰᠠᠭᠤᠷᠢ ᠪᠤᠯᠭᠠᠬᠰᠠᠨ᠂ ᠡᠯ᠎ᠡ ᠲᠥᠷᠥᠯ ᠤᠨ ᠪᠠᠶᠢᠭᠠᠯᠢ ᠶᠢᠨ ᠴᠡᠴᠡᠷᠯᠢᠭ ᠢᠶᠠᠷ ᠨᠥᠬᠦᠪᠦᠷᠢ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠳᠠᠯᠠᠢ ᠲᠠᠩᠭᠢᠰ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠬᠠᠮᠠᠭᠠᠯᠠᠬᠤ ᠳᠦᠷᠢᠮ ᠢ ᠪᠦᠷᠢᠨᠰᠢᠭᠦᠯᠵᠦ᠂ ᠳᠠᠯᠠᠢ ᠲᠠᠩᠭᠢᠰ ᠤᠨ ᠨᠡᠭᠡᠭᠡᠨ ᠠᠰᠢᠭᠯᠠᠯᠲᠠ ᠶᠢ ᠰᠢᠰᠲ᠋ᠧᠮ ᠲᠠᠢ ᠲᠥᠯᠥᠪᠯᠡᠵᠦ᠂ ᠡᠬᠡ ᠬᠠᠭᠤᠷᠠᠢ ᠳᠠᠯᠠᠢ ᠲᠠᠩᠭᠢᠰ ᠤᠨ ᠬᠠᠮᠵᠢᠯᠴᠠᠭᠰᠠᠨ ᠦᠷᠭᠦᠯᠵᠢᠯᠡᠬᠦ᠋ᠢᠴᠡ ᠬᠥᠭᠵᠢᠯᠲᠡ ᠶᠢ ᠠᠬᠢᠭᠤᠯᠤᠨ᠎ᠠ᠃    ︵ᠬᠤᠶᠠᠷ︶ ᠪᠣᠬᠢᠷᠳᠤᠯ ᠦᠭᠡᠢ ᠬᠥᠭᠵᠢᠯᠲᠡ ᠶᠢᠨ ᠥᠨᠳᠦᠷᠯᠢᠭ ᠢ ᠪᠤᠶ ᠪᠣᠯᠭᠠᠨ᠎ᠠ᠃ ᠣᠷᠣᠨ ᠪᠦᠰᠡ ᠶᠢᠨ ᠪᠣᠬᠢᠷᠳᠤᠯ ᠦᠭᠡᠢ ᠬᠥᠭᠵᠢᠯᠲᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠵᠣᠬᠢᠴᠠᠩᠭᠤᠢ ᠬᠥᠭᠵᠢᠯᠲᠡ ᠪᠣᠯᠣᠨ ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠴᠢᠨᠠᠷ ᠰᠠᠶᠢᠲᠠᠢ ᠬᠥᠭᠵᠢᠯᠲᠡ ᠶᠢᠨ ᠨᠡᠮᠡᠭᠳᠡᠯ ᠤᠨ ᠲᠦᠢᠯ ᠪᠣᠯᠣᠨ ᠬᠥᠳᠡᠯᠭᠡᠬᠦ ᠬᠦᠴᠦᠨ ᠤ ᠡᠬᠢ ᠰᠤᠷᠪᠤᠯᠵᠢ ᠶᠢ ᠪᠤᠢ ᠪᠣᠯᠭᠠᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠵᠢᠯᠴᠠᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠶᠦ᠋ᠩ ᠠᠨ ᠰᠢᠨ᠎ᠡ ᠲᠣᠭᠤᠷᠢᠭ ᠤᠨ ᠪᠣᠬᠢᠷᠳᠤᠯ ᠦᠭᠡᠢ ᠬᠥᠭᠵᠢᠯᠲᠡ ᠶᠢᠨ ᠬᠤᠲᠠ ᠶᠢᠨ ᠦᠯᠢᠭᠡᠷ ᠳᠠᠭᠤᠷᠢᠶᠠᠯ ᠪᠤᠯᠬᠤ ᠶᠢ ᠳᠠᠮᠵᠢᠨ᠎ᠠ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ ᠶᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠨ᠎ᠡ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠪᠠ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠵᠤ᠂ ᠳᠡᠯᠡᠬᠡᠢ ᠶᠢᠨ ᠲᠡᠰ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠪᠦᠯᠦᠭᠵᠢᠯ ᠢ ᠴᠣᠭᠴᠠᠯᠠᠨ᠎ᠠ᠃ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠤᠨ᠎ᠠ᠃ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠪᠠ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃    ᠭᠤᠷᠪᠠ᠂ ᠠᠵᠤ ᠦᠢᠯᠡᠰ ᠤᠨ ᠪᠦᠲᠦᠴᠡ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ    ︵ᠭᠤᠷᠪᠠ︶ ᠤᠯᠠᠮᠵᠢᠯᠠᠯᠲᠤ ᠠᠵᠤ ᠦᠢᠯᠡᠰ ᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ ᠲᠣᠰᠣ ᠪᠠ ᠬᠢᠮᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠴᠠᠭᠠᠰᠤ ᠦᠢᠯᠡᠳᠬᠦ᠂ ᠳᠠᠷᠤᠮᠠᠯᠯᠠᠨ ᠪᠤᠳᠤᠬᠤ ᠵᠡᠷᠭᠡ ᠠᠵᠢᠯ ᠲᠥᠷᠥᠯ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠶᠡᠭᠡ ᠪᠠᠷ ᠠᠬᠢᠭᠤᠯᠵᠤ᠂ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭᠠᠲᠠᠢ ᠪᠠ ᠴᠡᠪᠡᠷ ᠦᠢᠯᠡᠳᠪᠦᠷᠢᠯᠡᠬᠦ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠳᠡᠯᠭᠡᠷᠡᠭᠦᠯᠦᠨ᠂ ᠭᠠᠷ ᠤᠷᠠᠯᠠᠯ ᠤᠨ ᠶᠠᠪᠤᠴᠠ ᠶᠢ ᠰᠢᠨᠡᠳᠬᠡᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠠᠵᠠᠷ ᠰᠢᠷᠣᠢ᠂ ᠣᠷᠴᠢᠨ ᠲᠣᠭᠤᠷᠢᠨ᠂ ᠡᠨᠧᠷᠭᠢ ᠶᠢᠨ ᠦᠷ᠎ᠡ ᠠᠰᠢᠭ᠂ ᠤᠰᠤᠨ ᠤ ᠦᠷ᠎ᠡ ᠠᠰᠢᠭ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠡᠷᠭᠡ ᠬᠢᠵᠠᠭᠠᠷᠯᠠᠬᠤ ᠴᠢᠨᠠᠷᠲᠠᠢ ᠪᠠᠷᠢᠮᠵᠢᠶ᠎ᠠ ᠶᠢ ᠦᠷᠭᠦᠯᠵᠢᠯᠡᠨ ᠰᠢᠨᠡᠳᠬᠡᠵᠦ᠂ ᠤᠯᠤᠰ ᠤᠨ ᠪᠠᠷᠢᠮᠵᠢᠶ᠎ᠠ ᠶᠢᠨ ᠳᠡᠭᠡᠭᠰᠢᠯᠡᠯᠲᠡ ᠪᠠᠷ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠬᠥᠲᠥᠯᠥᠨ ᠳᠠᠭᠠᠭᠤᠯᠵᠤ᠂ ᠦᠢᠯᠡᠳᠪᠦᠷᠢᠯᠡᠬᠦ ᠴᠢᠳᠠᠪᠤᠷᠢ ᠶᠢ ᠤᠬᠤᠷᠢᠭᠤᠯᠤᠨ ᠭᠠᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠡᠬᠢ ᠪᠠᠶᠠᠯᠢᠭ ᠣᠷᠴᠢᠨ ᠲᠣᠭᠤᠷᠢᠨ ᠤ ᠲᠠᠯ᠎ᠠ ᠪᠠᠷ ᠬᠢ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠵᠦᠢ ᠵᠣᠬᠢᠰᠲᠠᠢ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ᠂ ᠳᠣᠣᠷ᠎ᠠ ᠬᠢᠷᠢ ᠬᠡᠮᠵᠢᠶ᠎ᠡ ᠪᠦᠬᠦᠢ ᠲᠥᠷᠥᠯ ᠵᠦᠢᠯ ᠢ ᠰᠣᠬᠤᠷ ᠪᠠᠯᠠᠢ ᠪᠠᠷ ᠡᠬᠢᠯᠡᠭᠦᠯᠬᠦ ᠶᠢ ᠡᠷᠡᠰ ᠬᠤᠷᠢᠭᠯᠠᠨ᠎ᠠ᠃    ︵ᠳᠥᠷᠪᠡ︶ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠪᠣᠬᠢᠷᠳᠤᠯ ᠦᠭᠡᠢ ᠦᠢᠯᠡᠳᠬᠦ ᠰᠢᠰᠲ᠋ᠧᠮ ᠪᠠ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠠᠵᠤ ᠠᠬᠤᠢ ᠶᠢᠨ ᠶᠡᠷᠦᠩᠬᠡᠢ ᠬᠡᠮᠵᠢᠶᠡᠨ ᠳᠠᠬᠢ ᠬᠤᠪᠢ ᠶᠢᠨ ᠵᠢᠩ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠥᠷᠢᠰᠦᠯᠳᠦᠬᠦ ᠬᠦᠴᠦᠨ ᠲᠠᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠵᠤ᠂ ᠨᠢᠭᠡ ᠪᠦᠯᠦᠭ ᠳᠠᠭᠠᠭᠤᠯᠤᠭᠴᠢ ᠠᠵᠤ ᠠᠬᠤᠶᠢᠯᠠᠯ ᠪᠣᠯᠣᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠ ᠰᠢᠨ᠎ᠡ ᠳᠤᠮᠳᠠ ᠪᠠᠭ᠎ᠠ ᠠᠵᠤ ᠠᠬᠤᠶᠢᠯᠠᠯ ᠢ ᠪᠠᠶᠢᠭᠤᠯᠤᠨ᠎ᠠ᠃ ᠡᠨᠧᠷᠭᠢ ᠶᠢᠨ ᠭᠡᠷᠡᠲᠦ ᠬᠠᠮᠢᠶᠠᠷᠤᠯᠲᠠ᠂ ᠤᠰᠤ ᠠᠷᠪᠢᠯᠠᠬᠤ ᠭᠡᠷᠡᠲᠦ ᠬᠠᠮᠢᠶᠠᠷᠤᠯᠲᠠ᠂ ᠣᠷᠴᠢᠨ ᠠᠬᠤᠢ ᠶᠢᠨ ᠪᠣᠬᠢᠷᠳᠤᠯ ᠢ ᠭᠤᠷᠪᠠᠳᠠᠭᠢ ᠡᠲᠡᠭᠡᠳ ᠠᠴᠠ ᠵᠠᠰᠠᠬᠤ ᠵᠡᠷᠭᠡ ᠵᠠᠭᠪᠤᠷ ᠪᠠ ᠣᠷᠴᠢᠨ ᠠᠬᠤᠢ ᠶᠢ ᠵᠠᠰᠠᠬᠤ ᠦᠷ᠎ᠡ ᠪᠦᠲᠦᠮᠵᠢ ᠪᠠᠷ ᠤᠳᠤᠷᠢᠳᠤᠮᠵᠢ ᠪᠤᠯᠭᠠᠬᠰᠠᠨ ᠣᠷᠴᠢᠨ ᠠᠬᠤᠢ ᠶᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠶᠡᠭᠡ ᠪᠠᠷ ᠳᠡᠯᠭᠡᠷᠡᠭᠦᠯᠦᠨ᠎ᠡ᠃ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠠᠶᠢᠬᠤ ᠪᠠᠷ ᠤᠳᠤᠷᠢᠳᠤᠮᠵᠢ ᠪᠤᠯᠭᠠᠬᠰᠠᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠭᠡᠯᠪᠡᠷᠢ᠂ ᠰᠢᠨ᠎ᠡ ᠬᠤᠳᠠᠯᠳᠤᠭᠠᠨ ᠤ ᠬᠡᠪ ᠵᠠᠭᠪᠤᠷ ᠢ ᠲᠦᠷᠭᠡᠪᠴᠢᠯᠡᠨ ᠬᠥᠭᠵᠢᠭᠦᠯᠬᠦ ᠶᠢ ᠢᠳᠡᠪᠬᠢᠲᠡᠢ ᠵᠣᠷᠢᠭᠵᠢᠭᠤᠯᠤᠨ᠎ᠠ᠃ 2030 ᠣᠨ ᠪᠤᠯᠬᠤ ᠳᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠡᠪᠴᠢᠶ᠎ᠡ ᠶᠢ 15 ᠲᠦᠮᠡᠨ ᠳ᠋ᠦᠩᠰᠢᠭᠤᠷ ᠲᠥᠭᠦᠷᠢᠭ ᠣᠷᠴᠢᠮ ᠳᠤ ᠬᠦᠷᠦᠭᠦᠯᠦᠨ᠎ᠡ᠃    ︵ᠲᠠᠪᠤ︶ ᠲᠣᠭᠠᠴᠢᠯᠠᠭᠰᠠᠨ ᠪᠣᠬᠢᠷᠳᠤᠯ ᠦᠭᠡᠢ ᠶᠢᠨ ᠬᠠᠮᠵᠢᠯᠴᠠᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠨ᠎ᠡ᠃ ᠠᠵᠤ ᠦᠢᠯᠡᠰ ᠤᠨ ᠲᠤᠭᠠᠴᠢᠯᠠᠯᠳᠠ ᠣᠶᠤᠨᠴᠢᠯᠠᠯᠲᠠ ᠶᠢᠨ ᠪᠣᠬᠢᠷᠳᠤᠯ ᠦᠭᠡᠢ ᠯᠦᠭᠡ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠶᠢᠨ ᠴᠠᠭᠢᠯᠭᠠᠨ ᠬᠦᠴᠦᠨ ᠤ ᠰᠢᠰᠲ᠋ᠧᠮ᠂ ᠠᠵᠤ ᠦᠢᠯᠡᠳᠪᠦᠷᠢ ᠲᠠᠷᠢᠶᠠᠯᠠᠩ ᠤᠨ ᠦᠢᠯᠡᠳᠪᠦᠷᠢᠯᠡᠯ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠵᠡᠷᠭᠡ ᠬᠦᠷᠢᠶ᠎ᠡ ᠴᠠᠷᠠᠭ᠎ᠠ ᠳᠠᠬᠢ ᠬᠡᠷᠡᠭᠯᠡᠭᠡᠨ ᠢ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠮᠡᠷᠭᠡᠵᠢᠯ ᠳᠤ ᠡᠨᠧᠷᠭᠢ ᠣᠯᠭᠤᠵᠤ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠡᠯ᠎ᠡ ᠲᠥᠷᠥᠯ ᠤᠨ ᠬᠡᠷᠡᠭᠯᠡᠭᠴᠢᠳ ᠤᠨ ︽ᠡᠭᠦᠯᠡᠨ ᠲᠠᠪᠴᠠᠩ ᠳᠤ ᠭᠠᠷᠬᠤ᠂ ᠳ᠋ᠠᠶᠢᠲ᠋ᠠ ᠶᠢ ᠬᠡᠷᠡᠭᠯᠡᠬᠦ᠂ ᠡᠨᠧᠷᠭᠢ ᠣᠯᠭᠤᠬᠤ︾᠎ ᠶᠢ ᠠᠬᠢᠭᠤᠯᠵᠤ᠂ ᠠᠵᠤ ᠠᠬᠤᠶᠢᠯᠠᠯ ᠤᠨ ᠲᠤᠭᠠᠴᠢᠯᠠᠯᠲᠠ ᠣᠶᠤᠨᠴᠢᠯᠠᠯᠲᠠ ᠶᠢᠨ ᠮᠡᠷᠭᠡᠵᠢᠯ᠂ ᠪᠣᠬᠢᠷᠳᠤᠯ ᠦᠭᠡᠢ ᠬᠥᠭᠵᠢᠯᠲᠡ ᠶᠢᠨ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ ᠶᠢ ᠳᠡᠮᠵᠢᠨ᠎ᠡ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠢᠭᠡᠨᠲᠡ ᠪᠠᠶᠢᠭ᠎ᠠ ᠲᠤᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ︽ᠣᠨ ᠵᠢᠯ ᠤᠳᠠᠭᠰᠠᠨ ᠬᠠᠭᠤᠴᠢᠷᠠᠭᠰᠠᠨ ᠪᠠᠭ᠎ᠠ ᠲᠠᠷᠠᠬᠠᠢ︾ ᠲᠤᠨᠤᠭ ᠲᠥᠬᠦᠭᠡᠷᠦᠮᠵᠢ ᠶᠢ ᠠᠯᠬᠤᠮ ᠠᠯᠬᠤᠮ ᠢᠶᠠᠷ ᠰᠢᠭᠰᠢᠭᠳᠡᠭᠦᠯᠦᠨ᠎ᠡ᠃ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠬᠥᠲᠥᠯᠥᠨ ᠵᠢᠯᠤᠭᠤᠳᠴᠤ᠂ ᠡᠬᠢᠨ ᠤ ᠪᠠ ᠡᠴᠦᠰ ᠤᠨ ᠬᠡᠯᠬᠢᠶᠡᠨ ᠤ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠨ᠎ᠡ᠃ ᠣᠷᠴᠢᠨ ᠲᠣᠭᠤᠷᠢᠨ ᠤ ᠪᠣᠬᠢᠷᠳᠤᠯ ᠪᠠ ᠴᠠᠭ ᠠᠭᠤᠷ ᠤᠨ ᠭᠠᠮᠰᠢᠭ ᠢ ᠥᠨᠳᠥᠷ ᠦᠷ᠎ᠡ ᠪᠦᠲᠦᠮᠵᠢᠲᠡᠶ ᠪᠠᠷ ᠬᠢᠨᠠᠨ ᠰᠢᠨᠵᠢᠬᠦ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠡᠮᠵᠢᠯᠡᠭᠦᠯᠭᠦ᠂ ᠰᠢᠨᠵᠢᠯᠡᠬᠦ ᠤᠬᠠᠭᠠᠨᠴᠢ ᠪᠠᠷ ᠵᠠᠳᠠᠯᠬᠤ᠂ ᠣᠶᠤᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ ᠪᠣᠳᠠᠲᠤ ᠦᠵᠡᠮᠵᠢ ᠶᠢᠨ ᠭᠤᠷᠪᠠᠨ ᠬᠡᠮᠵᠢᠯᠲᠦ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠪᠣᠯᠣᠨ ᠴᠠᠭ ᠣᠷᠣᠨ ᠵᠠᠢ ᠶᠢᠨ ᠮᠡᠳᠡᠭᠡ ᠵᠠᠩᠭᠢ ᠪᠠᠷ ᠡᠨᠧᠷᠭᠢ ᠣᠯᠭᠤᠬᠤ ᠬᠡᠷᠡᠭᠯᠡᠯᠲᠡ ᠶᠢ ᠠᠬᠢᠭᠤᠯᠤᠨ᠎ᠠ᠃    ᠳᠥᠷᠪᠡ᠂ ᠡᠨᠧᠷᠭᠢ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠤᠨ᠎ᠠ    ︵ᠵᠢᠷᠭᠤᠭ᠎ᠠ︶ ᠴᠢᠯᠠᠭᠤᠵᠢᠮᠠᠯ ᠡᠨᠧᠷᠭᠢ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠴᠢᠩᠭᠠᠳᠬᠠᠨ᠎ᠠ᠃ ᠡᠨᠧᠷᠭᠢ ᠶᠢᠨ ᠦᠢᠯᠡᠳᠪᠦᠷᠢᠯᠡᠯ ᠬᠠᠩᠭᠠᠯᠭ᠎ᠠ ᠨᠥᠭᠡᠴᠡᠯᠡᠬᠦ ᠪᠣᠷᠤᠯᠠᠭᠤᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠴᠢᠯᠠᠭᠤᠵᠢᠮᠠᠯ ᠪᠤᠰᠤ ᠡᠨᠧᠷᠭᠢ ᠶᠢᠨ ᠠᠮᠤᠷ ᠲᠦᠪᠰᠢᠨ ᠨᠠᠶᠢᠳᠠᠪᠤᠷᠢᠲᠠᠢ ᠡᠮᠬᠢ ᠵᠢᠷᠤᠮ ᠲᠠᠢ ᠪᠠᠷ ᠴᠢᠯᠠᠭᠤᠵᠢᠮᠠᠯ ᠡᠨᠧᠷᠭᠢ ᠶᠢ ᠣᠷᠣᠯᠠᠬᠤ ᠶᠢ ᠠᠬᠢᠭᠤᠯᠵᠤ᠂ ᠡᠨᠧᠷᠭᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠪᠴᠢᠯᠡᠨ ᠲᠥᠯᠥᠪᠵᠢᠭᠦᠯᠦᠨ ᠪᠠᠶᠢᠭᠤᠯᠤᠨ᠎ᠠ᠃ ᠴᠢᠯᠠᠭᠤᠵᠢᠮᠠᠯ ᠡᠨᠧᠷᠭᠢ ᠶᠢᠨ ᠬᠡᠷᠡᠭᠯᠡᠭᠡ ᠶᠢ ᠡᠷᠡᠰ ᠬᠢᠵᠠᠭᠠᠷᠯᠠᠵᠤ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠭᠦᠨᠵᠡᠭᠡᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠨᠡᠭᠦᠷᠡᠰᠦᠨ ᠤ ᠬᠡᠷᠡᠭᠯᠡᠭᠡ ᠶᠢᠨ ᠨᠡᠮᠡᠭᠳᠡᠯ ᠢ ᠴᠢᠩᠭ᠎ᠠ ᠵᠦᠢ ᠵᠣᠬᠢᠰᠲᠠᠢ ᠬᠢᠵᠠᠭᠠᠷᠯᠠᠵᠤ᠂ ᠲᠠᠷᠠᠭᠠᠴᠢ ᠶᠢᠨ 5 ᠵᠢᠯ ᠳᠤ ᠠᠯᠬᠤᠮ ᠠᠯᠬᠤᠮ ᠢᠶᠠᠷ ᠪᠠᠭᠠᠰᠬᠠᠵᠤ᠂ ᠡᠨᠧᠷᠭᠢ ᠶᠢᠨ ᠠᠮᠤᠷ ᠲᠦᠪᠰᠢᠨ ᠬᠠᠩᠭᠠᠯᠭ᠎ᠠ ᠶᠢ ᠪᠠᠲᠤᠯᠠᠭᠰᠠᠨ ᠤᠷᠢᠲᠠᠯ ᠳᠣᠣᠷ᠎ᠠ᠂ ᠭᠤᠣᠯᠳᠠᠯᠭ᠎ᠠ ᠲᠠᠢ ᠣᠷᠣᠨ ᠪᠦᠰᠡ ᠳᠤ ᠨᠡᠭᠦᠷᠡᠰᠦᠨ ᠤ ᠬᠡᠷᠡᠭᠯᠡᠭᠡ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠬᠢᠵᠠᠭᠠᠷᠯᠠᠵᠤ᠂ ᠰᠤᠯᠠ ᠨᠡᠭᠦᠷᠡᠰᠦ ᠪᠠᠷ ᠣᠷᠣᠯᠠᠭᠤᠯᠬᠤ ᠶᠢ ᠢᠳᠡᠪᠬᠢᠲᠡᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠣᠳᠣᠬᠠᠨ ᠤ ᠬᠡᠷᠡᠭᠯᠡᠵᠦ ᠪᠠᠶᠢᠭ᠎ᠠ ᠨᠡᠭᠦᠷᠡᠰᠦ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ᠂ ᠠᠮᠢᠳᠤᠯᠢᠭ ᠴᠢᠨᠠᠷᠲᠠᠢ ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ ᠶᠢᠨ ︽ᠭᠤᠷᠪᠠ ᠶᠢ ᠥᠭᠡᠷᠡᠴᠢᠯᠡᠵᠦ ᠬᠤᠯᠪᠤᠭᠠᠯᠠᠨ ᠬᠥᠳᠡᠯᠦᠯᠴᠡᠬᠦ︾᠎ ᠶᠢ ᠲᠦᠷᠭᠡᠳᠬᠡᠵᠦ᠂ ᠴᠠᠭᠢᠯᠭᠠᠨ ᠬᠦᠴᠦᠨ ᠤ ᠰᠢᠰᠲ᠋ᠧᠮ ᠤᠨ ᠠᠮᠤᠷ ᠲᠦᠪᠰᠢᠨ ᠢ ᠪᠠᠲᠤᠯᠠᠬᠤ ᠳᠤ ᠵᠠᠪᠠᠯ ᠱᠠᠭᠠᠷᠳᠠᠭᠳᠠᠬᠤ ᠲᠣᠬᠢᠷᠠᠭᠤᠯᠬᠤ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ ᠨᠡᠭᠦᠷᠡᠰᠦ ᠴᠠᠭᠢᠯᠭᠠᠨ ᠢ ᠵᠦᠢ ᠵᠣᠬᠢᠰᠲᠠᠢ ᠲᠥᠯᠥᠪᠯᠡᠨ ᠪᠠᠶᠢᠭᠤᠯᠤᠨ᠎ᠠ᠃ ᠴᠢᠯᠠᠭᠤᠨ ᠲᠣᠰᠣ ᠰᠢᠲᠠᠮᠠᠬᠠᠢ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠨᠥᠭᠡᠴᠡᠯᠡᠬᠦ ᠶᠢ ᠨᠡᠮᠡᠭᠳᠡᠭᠦᠯᠦᠨ ᠭᠠᠷᠤᠯᠲᠠ ᠶᠢ ᠨᠡᠮᠡᠭᠳᠡᠭᠦᠯᠬᠦ ᠡᠷᠴᠢᠮ ᠢ ᠴᠢᠩᠭᠠᠷᠠᠭᠤᠯᠵᠤ᠂ ᠴᠢᠯᠠᠭᠤᠨ ᠲᠣᠰᠣ ᠰᠢᠲᠠᠮᠠᠬᠠᠢ ᠬᠡᠢ ᠶᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠬᠢᠭᠡᠳ ᠰᠢᠨ᠎ᠡ ᠡᠨᠧᠷᠭᠢ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ᠎ᠡ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠢᠶᠠᠨ ᠴᠤᠭᠯᠠᠭᠤᠯᠵᠤ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃    ︵ᠳᠣᠯᠤᠭ᠎ᠠ︶ ᠴᠢᠯᠠᠭᠤᠵᠢᠮᠠᠯ ᠪᠤᠰᠤ ᠡᠨᠧᠷᠭᠢ ᠶᠢ ᠶᠡᠭᠡ ᠪᠠᠷ ᠬᠥᠭᠵᠢᠭᠦᠯᠦᠨ᠎ᠡ᠃ ᠪᠠᠷᠠᠭᠤᠨ ᠬᠤᠶᠢᠲᠤ ᠶᠢᠨ ᠰᠠᠯᠬᠢᠨ ᠴᠠᠭᠢᠯᠭᠠᠨ ᠬᠦᠴᠦᠨ ᠭᠡᠷᠡᠯᠴᠢ ᠴᠡᠨᠡᠭ᠂ ᠪᠠᠷᠠᠭᠤᠨ ᠡᠮᠦᠨᠡᠲᠦ ᠶᠢᠨ ᠤᠰᠤᠨ ᠴᠠᠭᠢᠯᠭᠠᠨ᠂ ᠳᠠᠯᠠᠶ ᠳᠡᠭᠡᠷᠡᠬᠢ ᠰᠠᠯᠬᠢᠨ ᠬᠦᠴᠦᠨ ᠤ ᠴᠠᠭᠢᠯᠭᠠᠨ᠂ ᠳᠠᠯᠠᠶ ᠳᠠᠭᠠᠤ ᠶᠢᠨ ᠴᠥᠮ᠎ᠡ ᠶᠢᠨ ᠴᠠᠭᠢᠯᠭᠠᠨ ᠵᠡᠷᠭᠡ ᠴᠡᠪᠡᠷ ᠡᠨᠧᠷᠭᠢ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠷᠠᠬᠠᠢ ᠮᠠᠶ᠋ᠢᠭ ᠤᠨ ᠭᠡᠷᠡᠯᠴᠢ ᠴᠡᠨᠡᠭ᠂ ᠲᠠᠷᠠᠬᠠᠢ ᠮᠠᠶ᠋ᠢᠭ ᠤᠨ ᠰᠠᠯᠬᠢᠨ ᠴᠠᠭᠢᠯᠭᠠᠨ ᠬᠦᠴᠦᠨ ᠢ ᠢᠳᠡᠪᠬᠢᠲᠡᠢ ᠬᠥᠭᠵᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠣᠳᠠᠰ ᠤᠨ ᠡᠨᠧᠷᠭᠢ᠂ ᠭᠠᠵᠠᠷ ᠤᠨ ᠢᠯᠴᠢ ᠶᠢᠨ ᠡᠨᠧᠷᠭᠢ᠂ ᠳᠠᠯᠠᠶ ᠲᠠᠩᠭᠢᠰ ᠤᠨ ᠡᠨᠧᠷᠭᠢ ᠵᠡᠷᠭᠡ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ᠂ ᠤᠰᠤᠲᠥ᠋ᠷᠥᠭᠴᠢ ᠶᠢᠨ ᠡᠨᠧᠷᠭᠢ ᠶᠢ ︽ᠦᠢᠯᠡᠳᠬᠦ ᠨᠥᠭᠡᠴᠡᠯᠡᠬᠦ ᠬᠦᠷᠭᠡᠵᠦ ᠬᠡᠷᠡᠭᠯᠡᠬᠦ︾ ᠪᠦᠭᠦ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠤᠰᠤᠨ ᠴᠠᠭᠢᠯᠭᠠᠨ ᠢ ᠨᠡᠭᠡᠭᠡᠨ ᠬᠥᠭᠵᠢᠭᠦᠯᠬᠦ ᠪᠠ ᠠᠮᠢ ᠠᠬᠤᠢ ᠶᠢᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠯᠡᠵᠦ᠂ ᠤᠰᠤ ᠰᠠᠯᠬᠢ ᠭᠡᠷᠡᠯ ᠢ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠴᠥᠮ᠎ᠡ ᠶᠢᠨ ᠴᠠᠭᠢᠯᠭᠠᠨ ᠢ ᠢᠳᠡᠪᠬᠢᠲᠡᠢ ᠠᠶᠤᠯ ᠦᠭᠡᠢ ᠡᠮᠬᠢ ᠵᠢᠷᠤᠮ ᠲᠠᠢ ᠪᠠᠷ ᠬᠥᠭᠵᠢᠭᠦᠯᠵᠦ᠂ ᠵᠦᠢ ᠵᠣᠬᠢᠰᠲᠠᠢ ᠪᠠᠶᠢᠷᠢᠰᠢᠭᠤᠯᠬᠤ ᠪᠠ ᠲᠣᠭᠲᠠᠭᠤᠨ ᠪᠠᠶᠢᠯᠭᠠᠬᠤ ᠪᠦᠲᠦᠭᠡᠨ ᠪᠠᠶᠢᠭᠤᠯᠤᠯᠲᠠ ᠶᠢᠨ ᠠᠶᠢᠵᠠᠮ ᠢ ᠪᠠᠲᠤᠯᠠᠨ᠎ᠠ᠃ 2030 ᠣᠨ ᠪᠤᠯᠬᠤ ᠳᠤ᠂ ᠴᠢᠯᠠᠭᠤᠵᠢᠮᠠᠯ ᠪᠤᠰᠤ ᠡᠨᠧᠷᠭᠢ ᠶᠢᠨ ᠬᠡᠷᠡᠭᠯᠡᠭᠡᠨ ᠤ ᠬᠤᠪᠢ ᠶᠢᠨ ᠵᠢᠩ ᠢ 25% ᠣᠷᠴᠢᠮ ᠪᠤᠯᠲᠠᠯ᠎ᠠ ᠳᠡᠭᠡᠭᠰᠢᠯᠡᠭᠦᠯᠦᠨ᠎ᠡ᠃    ︵ᠨᠠᠢᠮᠠ︶ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠴᠡᠪᠡᠷ ᠡᠨᠧᠷᠭᠢ ᠶᠢᠨ ᠰᠠᠭᠤᠷᠢᠨ᠂ ᠲᠣᠬᠢᠷᠠᠭᠤᠯᠬᠤ ᠴᠢᠨᠠᠷᠲᠠᠢ ᠡᠬᠢ ᠪᠠᠶᠠᠯᠢᠭ ᠪᠠ ᠴᠠᠭᠢᠯᠭᠠᠨ ᠬᠦᠷᠭᠡᠬᠦ ᠨᠡᠪᠲᠡᠷᠡᠬᠦ ᠵᠠᠮ ᠤᠨ ᠬᠡᠪᠴᠢᠶᠡᠲᠦ ᠴᠢᠳᠠᠪᠤᠷᠢ᠂ ᠣᠷᠣᠨ ᠵᠠᠢ ᠶᠢᠨ ᠪᠠᠶᠢᠷᠢᠰᠢᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠠᠶᠢᠵᠠᠮ ᠵᠡᠷᠭᠡ ᠲᠠᠯ᠎ᠠ ᠶᠢᠨ ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠰᠢᠲᠠᠮᠠᠬᠠᠢ ᠬᠡᠢ ᠶᠢᠨ ᠢᠷᠡᠯᠲᠡ ᠶᠢ ᠨᠠᠶᠢᠳᠠᠪᠤᠷᠢᠵᠢᠭᠤᠯᠵᠤ ᠪᠤᠯᠬᠤ᠂ ᠰᠢᠲᠠᠮᠠᠬᠠᠢ ᠬᠡᠢ ᠶᠢᠨ ᠦᠨ᠎ᠡ ᠶᠢ ᠳᠠᠭᠠᠭᠠᠵᠤ ᠳᠡᠶᠢᠯᠭᠦ ᠭᠠᠵᠠᠷ ᠣᠷᠣᠨ ᠳᠤ ᠪᠠᠶᠢᠭᠠᠯᠢ ᠶᠢᠨ ᠰᠢᠲᠠᠮᠠᠬᠠᠢ ᠬᠡᠢ ᠬᠡᠷᠡᠭᠯᠡᠬᠦ ᠣᠷᠭᠢᠯ ᠤᠨ ᠬᠤᠭᠤᠴᠠᠭ᠎ᠠ ᠶᠢ ᠲᠣᠬᠢᠷᠠᠭᠤᠯᠬᠤ ᠴᠠᠭᠢᠯᠭᠠᠨ ᠥᠷᠲᠡᠭᠡ ᠪᠠᠶᠢᠷᠢᠯᠠᠭᠤᠯᠬᠤ ᠶᠢ ᠵᠣᠷᠢᠭᠵᠢᠭᠤᠯᠵᠤ᠂ ᠤᠰᠤ ᠲᠠᠲᠠᠵᠤ ᠡᠨᠧᠷᠭᠢ ᠬᠠᠳᠠᠭᠠᠯᠠᠬᠤ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ᠂ ᠭᠡᠷᠡᠯ ᠢᠯᠴᠢ ᠪᠠᠷ ᠴᠠᠭᠢᠯᠭᠠᠨ ᠭᠠᠷᠭᠠᠬᠤ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠴᠠᠭᠢᠯᠭᠠᠨ ᠬᠦᠴᠦᠨ ᠤ ᠰᠢᠰᠲ᠋ᠧᠮ ᠤᠨ ᠠᠶᠤᠯ ᠦᠭᠡᠢ ᠠᠵᠢᠯᠯᠠᠬᠤ ᠪᠠ ᠶᠡᠷᠦᠩᠬᠡᠶᠢᠯᠡᠨ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠶᠤᠨᠲᠤ ᠴᠠᠭᠢᠯᠭᠠᠨ ᠲᠣᠣᠷ ᠢ ᠪᠦᠲᠦᠭᠡᠨ ᠪᠠᠶᠢᠭᠤᠯᠵᠤ᠂ ᠪᠢᠴᠢᠯ ᠴᠠᠭᠢᠯᠭᠠᠨ ᠲᠣᠣᠷ᠂ ᠳᠠᠭᠤᠷᠢᠶᠠᠮᠠᠯ ᠴᠠᠭᠢᠯᠭᠠᠨ ᠦᠢᠯᠡᠳᠪᠦᠷᠢ᠂ ᠡᠨᠧᠷᠭᠢ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠴᠠᠭᠢᠯᠭᠠᠨ ᠬᠦᠴᠦᠨ ᠤ ᠬᠡᠷᠡᠭᠴᠡᠭᠡᠨ ᠤ ᠬᠠᠵᠠᠭᠤ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠴᠠᠭᠢᠯᠭᠠᠨ ᠬᠦᠴᠦᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠳᠤ ᠵᠣᠬᠢᠴᠠᠬᠤ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ 2030 ᠣᠨ ᠪᠤᠯᠬᠤ ᠳᠤ᠂ ᠤᠰᠤ ᠲᠠᠲᠠᠵᠤ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 1.2 ᠳ᠋ᠦᠩᠰᠢᠭᠤᠷ ᠭᠢᠯᠦᠸᠠᠲ ᠢ ᠳᠠᠪᠠᠭᠤᠯᠤᠨ᠎ᠠ᠃    ᠲᠠᠪᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ    ︵ᠶᠢᠰᠦ︶ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠪᠣᠬᠢᠷᠳᠤᠯ ᠦᠭᠡᠢ ᠪᠥᠭᠡᠳ ᠥᠨᠳᠥᠷ ᠪᠦᠲᠦᠮᠵᠢᠲᠡᠢ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠲᠡᠮᠦᠷ ᠵᠠᠮ᠂ ᠵᠠᠰᠠᠮᠠᠯ ᠵᠠᠮ᠂ ᠤᠰᠤᠨ ᠲᠡᠭᠡᠭᠡᠪᠦᠷᠢ ᠶᠢᠨ ᠲᠣᠣᠷ ᠢ ᠲᠡᠭᠦᠯᠳᠡᠷᠵᠢᠭᠦᠯᠦᠨ᠂ ᠠᠳᠠᠯᠢ ᠪᠤᠰᠤ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠵᠦᠢ ᠵᠣᠬᠢᠰᠲᠠᠢ ᠠᠵᠢᠯ ᠤᠨ ᠬᠤᠪᠢᠶᠠᠷᠢᠯᠠᠯ᠂ ᠪᠦᠲᠦᠮᠵᠢᠲᠡᠢ ᠵᠣᠯᠭᠠᠯᠳᠤᠯ ᠢ ᠠᠬᠢᠭᠤᠯᠵᠤ᠂ ᠪᠠᠷᠠᠭ᠎ᠠ ᠦᠭᠡᠢ ᠬᠤᠭᠤᠰᠤᠨ ᠢᠶᠠᠷ ᠠᠶᠠᠯᠠᠬᠤ ᠨᠤᠷᠮ᠎ᠠ ᠪᠠ ᠠᠶᠠᠨᠴᠢᠨ ᠤ ᠪᠠ ᠪᠠᠷᠠᠭᠠᠨ ᠤ ᠲᠡᠭᠡᠭᠡᠪᠦᠷᠢ ᠶᠢᠨ ᠵᠦᠢ ᠵᠣᠬᠢᠰ ᠦᠭᠡᠢ ᠡᠷᠭᠢᠯᠲᠡ ᠶᠢᠨ ᠬᠡᠮᠵᠢᠶ᠎ᠡ ᠶᠢ ᠪᠠᠭᠤᠷᠠᠭᠤᠯᠤᠨ᠎ᠠ᠃ ᠣᠯᠠᠨ ᠭᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠬᠠᠭᠤᠳᠠᠰᠤ ᠶᠢᠨ ᠳᠦᠷᠢᠮ︾᠂ ︽ᠨᠢᠭᠡ ᠬᠠᠶᠢᠷᠴᠠᠭ ᠤᠨ ᠳᠦᠷᠢᠮ︾᠎ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠪᠠᠷᠠᠭ᠎ᠠ ᠶᠢᠨ ᠲᠡᠭᠡᠭᠡᠪᠦᠷᠢ ᠶᠢᠨ ᠲᠤᠰᠬᠠᠢ ᠬᠡᠷᠡᠭᠯᠡᠬᠦ ᠲᠡᠮᠦᠷ ᠵᠠᠮ ᠪᠣᠯᠣᠨ ᠳᠣᠲᠣᠭᠠᠳᠤ ᠭᠤᠣᠯ ᠤᠨ ᠳᠡᠭᠡᠳᠦ ᠲᠠᠰ ᠤᠨ ᠠᠶᠠᠯᠠᠯ ᠤᠨ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠭᠤᠣᠯ ᠪᠤᠯᠬᠤ ᠭᠠᠷᠠᠮ᠂ ᠲᠣᠮᠣ ᠭᠡᠯᠪᠡᠷᠢ ᠶᠢᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠪᠣᠯᠣᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠢ ᠬᠡᠷᠡᠭᠯᠡᠬᠦ ᠱᠤᠭᠤᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠳᠤᠯ ᠦᠭᠡᠢ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠬᠠᠷᠢᠴᠠᠯ ᠢ ᠳᠡᠭᠡᠭᠰᠢᠯᠡᠭᠦᠯᠦᠨ᠂ ᠪᠥᠭᠡᠮ ᠲᠠᠸᠠᠷ ᠤᠨ ᠲᠡᠮᠦᠷ ᠵᠠᠮ᠂ ᠤᠰᠤᠨ ᠵᠠᠮ ᠤᠨ ᠲᠡᠭᠡᠭᠡᠪᠦᠷᠢ ᠶᠢᠨ ᠬᠤᠪᠢ ᠶᠢᠨ ᠵᠢᠩ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠷᠠᠳ ᠤᠨ ᠠᠭᠠᠷ ᠤᠨ ᠲᠡᠭᠡᠭᠡᠪᠦᠷᠢ ᠶᠢᠨ ᠠᠭᠠᠷ ᠤᠨ ᠠᠶᠠᠯᠠᠯ ᠤᠨ ᠱᠤᠭᠤᠮ ᠢ ᠰᠢᠯᠢᠳᠡᠭᠵᠢᠭᠦᠯᠵᠦ᠂ ᠨᠢᠰᠬᠡᠯ ᠤᠨ ᠪᠠᠭᠤᠳᠠᠯ ᠤᠨ ᠠᠵᠢᠯᠯᠠᠭᠠᠨ ᠤ ᠴᠠᠬᠢᠯᠭᠠᠨᠵᠢᠭᠤᠯᠬᠤ ᠣᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃    ︵ᠠᠷᠪᠠ︶ ᠪᠣᠬᠢᠷᠳᠤᠯ ᠦᠭᠡᠢ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠬᠤ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠭᠠᠷᠠᠮ᠂ ᠲᠦᠷᠭᠡᠨ ᠤ ᠵᠠᠰᠠᠮᠠᠯ ᠵᠠᠮ ᠤᠨ ᠲᠤᠨᠤᠭ ᠲᠥᠬᠦᠭᠡᠷᠦᠮᠵᠢ ᠶᠢᠨ ᠪᠣᠬᠢᠷᠳᠤᠯ ᠦᠭᠡᠢ ᠪᠥᠭᠡᠳ ᠣᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠳᠣ ᠶᠢᠨ ᠪᠠᠶᠢᠭ᠎ᠠ ᠵᠠᠮ ᠬᠠᠷᠢᠯᠴᠠᠭ᠎ᠠ ᠶᠢᠨ ᠰᠠᠭᠤᠷᠢ ᠲᠥᠬᠦᠭᠡᠷᠦᠮᠵᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠲᠡᠶᠢᠰᠢ ᠥᠭᠡᠷᠡᠴᠢᠯᠡᠨ ᠳᠡᠭᠡᠭᠰᠢᠯᠡᠭᠦᠯᠭᠦ ᠶᠢ ᠠᠬᠢᠭᠤᠯᠤᠨ᠂ ᠨᠢᠭᠡ ᠪᠦᠯᠦᠭ ᠨᠡᠭᠦᠷᠡᠰᠦᠲᠥ᠋ᠷᠥᠭᠴᠢ ᠪᠠᠭᠠᠲᠠᠢ ︵ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ︶ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠭᠠᠷᠠᠮ᠂ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠢ ᠪᠦᠲᠦᠭᠡᠨ ᠪᠠᠶᠢᠭᠤᠯᠵᠤ᠂ ᠲᠦᠷᠭᠡᠨ ᠤ ᠵᠠᠰᠠᠮᠠᠯ ᠵᠠᠮ ᠳᠠᠭᠠᠤ ᠶᠢᠨ ᠭᠡᠷᠡᠯᠴᠢ ᠴᠡᠨᠡᠭ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠭᠵᠢᠭᠦᠯᠦᠨ᠎ᠡ᠃ ᠴᠡᠨᠡᠭᠯᠡᠬᠦ ︵ᠰᠣᠯᠢᠬᠤ︶ ᠴᠠᠭᠢᠯᠭᠠᠨ ᠥᠷᠲᠡᠭᠡ᠂ ᠤᠰᠤᠲᠥ᠋ᠷᠥᠭᠴᠢ ︵ᠠᠯᠺᠤᠣᠯ︶ ᠨᠡᠮᠡᠬᠦ ᠥᠷᠲᠡᠭᠡ᠂ ᠡᠷᠭᠢ ᠶᠢᠨ ᠴᠠᠭᠢᠯᠭᠠᠨ ᠵᠡᠷᠭᠡ ᠰᠠᠭᠤᠷᠢ ᠲᠥᠬᠦᠭᠡᠷᠦᠮᠵᠢ ᠶᠢᠨ ᠲᠣᠣᠷ ᠢ ᠲᠡᠭᠦᠯᠳᠡᠷᠵᠢᠭᠦᠯᠵᠦ᠂ ᠬᠤᠲᠠ ᠶᠢᠨ ᠣᠶᠤᠨᠲᠤ ᠵᠠᠮ ᠬᠠᠷᠢᠯᠴᠠᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠬᠤᠲᠠ ᠬᠥᠳᠡᠭᠡ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠣᠬᠢᠷᠠᠭᠤᠯᠤᠨ ᠬᠦᠷᠭᠡᠬᠦ ᠠᠷᠭ᠎ᠠ ᠮᠠᠶ᠋ᠢᠭ ᠤᠨ ᠪᠣᠬᠢᠷᠳᠤᠯ ᠦᠭᠡᠢ ᠪᠥᠭᠡᠳ ᠣᠶᠤᠨᠴᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠶᠠᠪᠠᠭᠠᠨ ᠬᠥᠮᠥᠨ ᠤ ᠵᠠᠮ ᠪᠠ ᠳᠤᠭᠤᠢ ᠲᠡᠷᠭᠡᠨ ᠤ ᠲᠤᠰᠬᠠᠢ ᠵᠠᠮ ᠵᠡᠷᠭᠡ ᠬᠤᠳᠠ ᠶᠢᠨ ᠤᠳᠠᠭᠠᠨ ᠶᠠᠪᠤᠬᠤ ᠵᠠᠮ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃    ︵ᠠᠷᠪᠠᠨ ᠨᠢᠭᠡ︶ ᠨᠡᠭᠦᠷᠡᠰᠦᠲᠥ᠋ᠷᠥᠭᠴᠢ ᠪᠠᠭᠠᠲᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢ ᠳᠡᠯᠭᠡᠷᠡᠭᠦᠯᠦᠨ᠎ᠡ᠃ ᠰᠢᠨ᠎ᠡ ᠡᠨᠧᠷᠭᠢ ᠬᠡᠷᠡᠭᠯᠡᠬᠦ ᠮᠠᠰᠢᠨ ᠲᠡᠷᠭᠡ ᠶᠢ ᠶᠡᠭᠡ ᠪᠠᠷ ᠳᠡᠯᠭᠡᠷᠡᠭᠦᠯᠵᠦ᠂ ᠬᠤᠳᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠡᠷᠭᠡ ᠶᠢᠨ ᠴᠠᠬᠢᠯᠭᠠᠨᠵᠢᠭᠤᠯᠤᠯᠲᠠ ᠪᠠᠷ ᠣᠷᠣᠯᠠᠭᠤᠯᠬᠤ ᠶᠢ ᠠᠬᠢᠭᠤᠯᠤᠨ᠎ᠠ᠃ ᠣᠩᠭᠤᠴᠠ ᠰᠠᠯ᠂ ᠨᠢᠰᠦᠭᠦᠷ᠂ ᠵᠠᠮ ᠬᠠᠷᠢᠯᠴᠠᠭᠠᠨ ᠤ ᠪᠤᠰᠤ ᠰᠢᠯᠵᠢᠭᠡ ᠮᠧᠬᠠᠨᠢᠭ ᠵᠡᠷᠭᠡ ᠳᠤ ᠴᠡᠪᠡᠷ ᠬᠥᠳᠡᠯᠭᠡᠭᠴᠢ ᠬᠦᠴᠦᠨ ᠬᠡᠷᠡᠭᠯᠡᠬᠦ ᠶᠢ ᠠᠬᠢᠭᠤᠯᠵᠤ᠂ ᠬᠠᠭᠤᠴᠢᠨ ᠲᠡᠭᠡᠭᠡᠪᠦᠷᠢ ᠶᠢᠨ ᠪᠠᠭᠠᠵᠢ ᠶᠢ ᠲᠦᠷᠭᠡᠪᠴᠢᠯᠡᠨ ᠰᠢᠭᠰᠢᠭᠳᠡᠭᠦᠯᠵᠦ᠂ ᠭᠠᠳᠠᠭᠰᠢᠯᠠᠭᠤᠯᠤᠯᠲᠠ ᠦᠭᠡᠢ ᠪᠠᠷᠠᠭᠠᠨ ᠤ ᠲᠡᠭᠡᠭᠡᠪᠦᠷᠢ ᠶᠢ ᠠᠬᠢᠭᠤᠯᠵᠤ᠂ ᠦᠷᠭᠦᠯᠵᠢᠯᠡᠬᠦ ᠠᠭᠠᠷ ᠤᠨ ᠠᠶᠠᠯᠠᠯ ᠤᠨ ᠲᠦᠯᠡᠰᠢ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠴᠢᠩᠭᠠᠳᠬᠠᠨ᠂ ᠭᠠᠳᠠᠭᠰᠢᠯᠠᠭᠤᠯᠤᠯᠲᠠ ᠦᠭᠡᠢ ᠴᠡᠪᠡᠷ ᠭᠠᠳᠠᠭᠰᠢᠯᠠᠭᠤᠯᠤᠯᠲᠠ ᠲᠠᠢ ᠣᠩᠭᠤᠴᠠᠨ ᠳᠤ ᠬᠡᠷᠡᠭᠯᠡᠬᠦ ᠲᠦᠯᠡᠰᠢ ᠶᠢ ᠰᠤᠳᠤᠯᠤᠨ ᠨᠡᠭᠡᠭᠡᠵᠦ ᠦᠢᠯᠡᠳᠪᠦᠷᠢᠯᠡᠵᠦ ᠬᠡᠷᠡᠭᠯᠡᠬᠦ ᠶᠢ ᠵᠣᠷᠢᠭᠵᠢᠭᠤᠯᠤᠨ᠎ᠠ᠃ 2030 ᠣᠨ ᠪᠤᠯᠬᠤ ᠳᠤ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠨᠢᠭᠡᠴᠢ ᠶᠢ ᠰᠣᠯᠢᠵᠤ ᠪᠤᠳᠤᠬᠤ ᠡᠷᠭᠢᠯᠲᠡ ᠶᠢᠨ ᠬᠡᠮᠵᠢᠶ᠎ᠡ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠦᠴᠦᠯᠡᠴᠡ ᠶᠢ 2020 ᠣᠨ ᠤ ᠬᠢ ᠠᠴᠠ 9.5% ᠣᠷᠴᠢᠮ ᠪᠤᠯᠲᠠᠯ᠎ᠠ ᠪᠠᠭᠤᠷᠠᠭᠤᠯᠤᠨ᠎ᠠ᠃ 2035 ᠣᠨ ᠪᠤᠯᠬᠤ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠰᠢᠨ᠎ᠡ ᠪᠠᠷ ᠪᠣᠷᠣᠯᠠᠭᠤᠯᠬᠤ ᠮᠠᠰᠢᠨ ᠲᠡᠷᠭᠡᠨ ᠤ ᠭᠤᠣᠯ ᠤᠷᠤᠰᠬᠠᠯ ᠪᠣᠯᠣᠨ᠎ᠠ᠃    ᠵᠢᠷᠭᠤᠭ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ    ︵ᠠᠷᠪᠠᠨ ᠬᠤᠶᠠᠷ︶ ᠪᠣᠬᠢᠷᠳᠤᠯ ᠦᠭᠡᠢ ᠲᠥᠯᠥᠪᠯᠡᠨ ᠪᠠᠶᠢᠭᠤᠯᠬᠤ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠬᠤᠲᠠ ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠡᠯ᠎ᠡ ᠭᠤᠭᠴᠤᠭ᠎ᠠ ᠳᠤ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢ ᠰᠠᠨᠠᠭᠠᠴᠢᠯᠠᠵᠤ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠴᠢᠩᠭ᠎ᠠ ᠰᠠᠬᠢᠵᠤ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠡᠲᠦ ᠲᠦᠷᠭᠡᠨ ᠨᠡᠮᠡᠭᠳᠡᠬᠦ ᠶᠢ ᠡᠵᠡᠮᠳᠡᠨ᠂ ᠵᠦᠯᠭᠡᠨ ᠭᠠᠵᠠᠷ᠂ ᠤᠰᠤᠨ ᠣᠷᠣᠨ᠂ ᠨᠤᠭᠤ ᠭᠠᠵᠠᠷ ᠵᠡᠷᠭᠡ ᠠᠮᠢ ᠠᠬᠤᠢ ᠶᠢᠨ ᠣᠷᠣᠨ ᠵᠠᠢ ᠶᠢ ᠬᠠᠮᠠᠭᠠᠯᠠᠬᠤ ᠪᠠ ᠰᠡᠷᠭᠦᠭᠡᠵᠦ᠂ ᠱᠤᠤᠭᠢᠶᠠᠨ ᠳᠤ ᠰᠡᠷᠭᠡᠭ ᠪᠠᠷᠢᠯᠭ᠎ᠠ ᠲᠥᠪᠯᠡᠷᠡᠭᠰᠡᠨ ᠣᠷᠣᠨ ᠪᠦᠰᠡ ᠶᠢ ᠵᠦᠢ ᠵᠣᠬᠢᠰᠲᠠᠢ ᠲᠥᠯᠥᠪᠯᠡᠨ᠎ᠡ᠃ ᠠᠭᠤᠷ ᠠᠮᠢᠰᠬᠤᠯ ᠳᠤ ᠵᠣᠬᠢᠴᠠᠬᠤ ᠭᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠠᠭᠤᠷ ᠠᠮᠢᠰᠬᠤᠯ ᠤᠨ ᠤᠶᠠᠨ ᠬᠠᠳᠠᠨ ᠴᠢᠨᠠᠷ ᠢ ᠨᠡᠮᠡᠭᠳᠡᠭᠦᠯᠦᠨ᠎ᠡ᠃ ᠪᠣᠬᠢᠷᠳᠤᠯ ᠦᠭᠡᠢ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢ ᠳᠡᠯᠭᠡᠷᠡᠭᠦᠯᠵᠦ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠡᠩ ᠲᠡᠷᠢᠭᠦᠨ ᠳᠤ ᠰᠣᠩᠭᠤᠨ ᠬᠡᠷᠡᠭᠯᠡᠵᠦ᠂ ᠳᠡᠭᠳᠡᠮᠡᠯ ᠲᠣᠭᠤᠰᠣᠨ ᠤ ᠪᠣᠬᠢᠷᠳᠤᠯ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ᠎ᠡ᠃    ︵ᠠᠷᠪᠠᠨ ᠭᠤᠷᠪᠠ︶ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠠᠷᠢᠯᠭ᠎ᠠ ᠶᠢ ᠶᠡᠭᠡ ᠪᠠᠷ ᠬᠥᠭᠵᠢᠭᠦᠯᠦᠨ᠎ᠡ᠃ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢᠨ ᠳᠡᠰ ᠤᠨ ᠳᠦᠷᠢᠮ ᠢ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠳᠤᠮᠳᠠ ᠣᠳᠣᠨ ᠲᠠᠰ ᠤᠨ ᠪᠣᠬᠢᠷᠳᠤᠯ ᠦᠭᠡᠢ ᠪᠠᠷᠢᠯᠭ᠎ᠠ ᠶᠢᠨ ᠬᠠᠷᠢᠴᠠᠯ ᠢ ᠳᠡᠭᠡᠭᠰᠢᠯᠡᠭᠦᠯᠵᠦ ᠂ ᠭᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠬᠡᠪᠴᠢᠶᠡᠵᠢᠭᠰᠡᠨ ᠬᠥᠭᠵᠢᠯᠲᠡ ᠶᠢ ᠠᠬᠢᠭᠤᠯᠤᠨ᠎ᠠ᠃ ᠨᠢᠭᠡᠨᠲᠡ ᠪᠠᠶᠢᠭ᠎ᠠ ᠪᠠᠷᠢᠯᠭ᠎ᠠ ᠪᠣᠯᠣᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠡᠨᠧᠷᠭᠢ ᠠᠷᠪᠢᠯᠠᠨ ᠤᠰᠤ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ ᠶᠢ ᠲᠦᠷᠭᠡᠳᠬᠡᠨ᠂ ᠲᠡᠷᠢᠭᠦᠨ ᠤ ᠪᠥᠭᠡᠳ ᠥᠨᠳᠥᠷ ᠦᠷ᠎ᠡ ᠪᠦᠲᠦᠮᠵᠢᠲᠡᠶ ᠭᠡᠷᠡᠯᠲᠦᠭᠦᠯᠭᠡ᠂ ᠠᠭᠠᠷ ᠲᠣᠬᠢᠷᠠᠭᠤᠯᠤᠭᠴᠢ᠂ ᠴᠠᠭᠢᠯᠭᠠᠨ ᠱᠠᠲᠤ ᠵᠡᠷᠭᠡ ᠲᠥᠬᠦᠭᠡᠷᠦᠮᠵᠢ ᠶᠢ ᠳᠡᠯᠭᠡᠷᠡᠭᠦᠯᠦᠨ᠎ᠡ᠃ ᠪᠠᠷᠢᠯᠭ᠎ᠠ ᠶᠢᠨ ᠡᠨᠧᠷᠭᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ᠪᠠᠷᠢᠯᠭ᠎ᠠ ᠶᠢᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠭᠡᠷᠡᠯᠴᠢ ᠴᠡᠨᠡᠭ᠂ ᠡᠨᠧᠷᠭᠢ ᠬᠠᠳᠠᠭᠠᠯᠠᠬᠤ᠂ ᠲᠣᠭᠲᠠᠮᠠᠯ ᠭᠦᠶᠦᠳᠡᠯᠲᠦ ᠴᠠᠭᠢᠯᠭᠠᠨ᠂ ᠤᠶᠠᠨ ᠴᠢᠨᠠᠷ ᠪᠦᠬᠦᠢ ᠠᠭᠤᠰᠤᠯᠴᠠᠯ︾᠎ ᠤᠨ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠵᠤ᠂ ᠴᠡᠪᠡᠷ ᠨᠡᠭᠦᠷᠡᠰᠦᠲᠥ᠋ᠷᠥᠭᠴᠢ ᠪᠠᠭᠠᠲᠠᠢ ᠢᠯᠴᠢ ᠬᠠᠩᠭᠠᠬᠤ ᠶᠢ ᠬᠥᠭᠵᠢᠭᠦᠯᠦᠨ᠎ᠡ᠃    ︵ᠠᠷᠪᠠᠨ ᠳᠥᠷᠪᠡ︶ ᠬᠥᠳᠡᠭᠡ ᠠᠵᠤ ᠠᠬᠤᠢ ᠬᠥᠳᠡᠭᠡ ᠲᠣᠰᠬᠤᠨ ᠤ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠠᠳᠠᠭᠰᠢᠯᠠᠭᠤᠯᠤᠯᠲᠠ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠵᠤ ᠲᠡᠵᠢᠭᠡᠬᠦ ᠪᠦᠲᠦᠴᠡ ᠶᠢ ᠰᠢᠯᠢᠳᠡᠭᠵᠢᠭᠦᠯᠦᠨ᠂ ᠲᠠᠷᠢᠮᠠᠯ ᠤᠨ ᠪᠠ ᠮᠠᠯ ᠵᠢᠭᠦᠷᠲᠡᠨ ᠤ ᠰᠢᠯᠢᠳᠡᠭ ᠡᠭᠦᠯᠳᠡᠷ ᠪᠠ ᠪᠣᠬᠢᠷᠳᠤᠯ ᠦᠭᠡᠢ ᠪᠥᠭᠡᠳ ᠥᠨᠳᠥᠷ ᠪᠦᠲᠦᠮᠵᠢᠲᠡᠢ ᠲᠠᠷᠢᠵᠤ ᠲᠡᠵᠢᠭᠡᠬᠦ ᠮᠡᠷᠭᠡᠵᠢᠯ ᠢ ᠳᠡᠯᠭᠡᠷᠡᠭᠦᠯᠵᠦ᠂ ᠬᠢᠮᠢ ᠶᠢᠨ ᠪᠣᠷᠳᠣᠭᠤᠷ᠂ ᠲᠠᠷᠢᠶᠠᠨ ᠡᠮ ᠵᠡᠷᠭᠡ ᠬᠥᠳᠡᠭᠡ ᠠᠵᠤ ᠠᠬᠤᠢ ᠶᠢᠨ ᠣᠷᠣᠭᠤᠯᠤᠯᠲᠠ ᠶᠢᠨ ᠡᠳ᠋ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠡᠰᠢ ᠰᠦᠷᠡᠯ᠂ ᠲᠠᠷᠢᠶᠠᠯᠠᠩ ᠤᠨ ᠰᠦᠯᠢᠶᠥᠦ ᠪᠦᠷᠬᠦᠪᠴᠢ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠡᠳ᠋᠂ ᠮᠠᠯ ᠵᠢᠭᠦᠷᠲᠡᠨ ᠤ ᠢᠯᠭᠠᠳᠠᠰᠤ ᠵᠡᠷᠭᠡ ᠲᠠᠷᠢᠶᠠᠯᠠᠩ ᠤᠨ ᠬᠠᠶᠠᠭᠳᠠᠮᠠᠯ ᠡᠳ᠋ ᠢ ᠴᠤᠭᠯᠠᠭᠤᠯᠤᠨ ᠠᠰᠢᠭᠯᠠᠵᠤ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠭᠦ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ᠪᠣᠬᠢᠷᠳᠤᠯ ᠦᠭᠡᠢ ᠬᠥᠭᠵᠢᠯᠲᠡ ᠶᠢᠨ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢ ᠪᠤᠶᠢᠵᠢᠭᠤᠯᠤᠨ᠎ᠠ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠠᠭᠢᠨ ᠡᠭᠦᠰᠴᠦ ᠪᠤᠯᠬᠤ ᠡᠨᠧᠷᠭᠢ ᠶᠢ ᠨᠡᠭᠡᠭᠡᠨ ᠠᠰᠢᠭᠯᠠᠵᠤ᠂ ᠬᠥᠳᠡᠭᠡ ᠲᠣᠰᠬᠤᠨ ᠤ ᠭᠠᠵᠠᠷ ᠣᠷᠣᠨ ᠤ ᠴᠡᠪᠡᠷ ᠳᠤᠯᠠᠭᠠᠯᠠᠭ᠎ᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃    ᠲᠤᠯᠤᠭ᠎ᠠ᠂ ᠪᠦᠭᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ    ︵ᠠᠷᠪᠠᠨ ᠲᠠᠪᠤ︶ ᠡᠨᠧᠷᠭᠢ ᠠᠷᠪᠢᠯᠠᠵᠤ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠶᠡᠭᠡ ᠪᠠᠷ ᠠᠬᠢᠭᠤᠯᠤᠨ᠎ᠠ᠃ ᠡᠨᠧᠷᠭᠢ ᠠᠷᠪᠢᠯᠠᠬᠤ ᠠᠵᠢᠯ ᠢ ᠥᠨᠳᠥᠷ ᠲᠦᠪᠰᠢᠨ᠂ ᠴᠢᠨᠠᠷ ᠰᠠᠶᠢᠲᠠᠢ ᠪᠠᠷ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ᠲᠤᠨᠤᠭ ᠲᠥᠬᠦᠭᠡᠷᠦᠮᠵᠢ ᠶᠢᠨ ᠦᠢᠯᠡᠳᠬᠦᠨ ᠢ ᠰᠢᠨᠡᠳᠬᠡᠨ ᠰᠣᠯᠢᠵᠤ ᠲᠡᠰ ᠳᠡᠪᠰᠢᠭᠦᠯᠬᠦ ᠶᠢ ᠲᠦᠷᠭᠡᠳᠬᠡᠨ᠎ᠡ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠦᠷᠢᠳᠬᠡᠨ ᠲᠣᠭᠠᠴᠠᠭ᠎ᠠ ᠬᠢᠬᠦ ᠰᠢᠰᠲ᠋ᠧᠮ ᠢ ᠪᠠᠶᠢᠭᠤᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠶᠢ ᠴᠢᠩᠭᠠᠳᠬᠠᠨ᠂ ᠲᠥᠷᠥᠯ ᠵᠦᠢᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠦᠨᠡᠯᠡᠬᠦ ᠶᠢ ᠰᠦᠪᠡᠭᠴᠢᠯᠡᠨ ᠥᠷᠨᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠶᠢᠨ ᠬᠤᠷᠣᠭᠳᠠᠭᠤᠯᠤᠯ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠣᠭᠤᠮᠲᠠ ᠶᠢ ᠴᠢᠩᠭ᠎ᠠ ᠰᠠᠬᠢᠨ᠎ᠠ᠃ ᠠᠵᠤ ᠠᠬᠤᠶᠢᠯᠠᠯ ᠤᠨ ᠡᠨᠧᠷᠭᠢ ᠠᠷᠪᠢᠯᠠᠨ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠡᠨᠧᠷᠭᠢ ᠠᠷᠪᠢᠯᠠᠨ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠬᠤ ︽ᠣᠨᠣᠰᠢᠯᠠᠯᠲᠠ + ᠥᠭᠡᠷᠡᠴᠢᠯᠡᠯᠲᠡ︾᠎ ᠶᠢᠨ ᠵᠠᠭᠪᠤᠷ ᠢ ᠳᠡᠯᠭᠡᠷᠡᠭᠦᠯᠵᠦ᠂ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃    ︵ᠠᠷᠪᠠᠨ ᠵᠢᠷᠭᠤᠭ᠎ᠠ︶ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠴᠢᠩᠭᠠᠳᠬᠠᠨ᠎ᠠ᠃ ᠡᠬᠢ ᠪᠠᠶᠠᠯᠢᠭ ᠤᠨ ᠶᠡᠷᠦᠩᠬᠡᠢ ᠬᠡᠮᠵᠢᠶᠡᠨ ᠤ ᠬᠠᠮᠢᠶᠠᠷᠤᠯᠲᠠ ᠪᠠ ᠪᠦᠭᠦ ᠲᠠᠯ᠎ᠠ ᠪᠠᠷ ᠠᠷᠪᠢᠯᠠᠬᠤ ᠳᠦᠷᠢᠮ ᠢ ᠲᠡᠭᠦᠯᠳᠡᠷᠵᠢᠭᠦᠯᠵᠦ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ ᠵᠡᠷᠭᠡ ᠡᠯ᠎ᠡ ᠲᠦᠷᠦᠯ ᠤᠨ ᠡᠬᠢ ᠪᠠᠶᠠᠯᠢᠭ ᠤᠨ ᠪᠦᠭᠦ ᠶᠠᠪᠤᠴᠠ ᠶᠢᠨ ᠬᠠᠮᠢᠶᠠᠷᠤᠯᠲᠠ ᠪᠠ ᠪᠦᠭᠦ ᠬᠡᠯᠬᠢᠶᠡᠨ ᠤ ᠠᠷᠪᠢᠯᠠᠯᠲᠠ ᠶᠢ ᠴᠢᠩᠭᠠᠳᠬᠠᠨ᠎ᠠ᠃ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠳᠦᠷᠢᠮ ᠢ ᠨᠠᠶᠢᠳᠠᠪᠤᠷᠢᠵᠢᠭᠤᠯᠤᠨ᠂ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠵᠦ᠂ ᠬᠡᠪ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ ᠶᠢ ᠴᠢᠩᠭᠠᠳᠬᠠᠨ᠂ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠤᠨ᠎ᠠ᠃ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠤᠯᠢ ᠶᠢ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠪᠠ ᠢᠳᠡᠭᠡᠨ ᠢ ᠠᠷᠪᠢᠯᠠᠨ ᠭᠠᠮᠨᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠠᠮᠤ ᠪᠤᠳᠠᠭ᠎ᠠ ᠶᠢ ᠠᠷᠪᠢᠯᠠᠨ ᠭᠠᠮᠨᠠᠬᠤ ᠠᠵᠢᠯᠯᠠᠭ᠎ᠠ ᠶᠢ ᠥᠷᠨᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠠ ᠭᠠᠵᠠᠷ ᠰᠢᠷᠣᠢ ᠶᠢ ᠠᠷᠪᠢᠲᠠᠢ ᠡᠷᠴᠢᠮᠲᠡᠢ ᠠᠰᠢᠭᠯᠠᠬᠤ ᠳᠦᠷᠢᠮ ᠢ ᠨᠠᠶᠢᠳᠠᠪᠤᠷᠢᠵᠢᠭᠤᠯᠵᠤ᠂ ᠭᠠᠵᠠᠷ ᠰᠢᠷᠣᠢ ᠠᠷᠪᠢᠯᠠᠬᠤ ᠮᠡᠷᠭᠡᠵᠢᠯ ᠪᠠ ᠭᠠᠵᠠᠷ ᠰᠢᠷᠣᠢ ᠠᠷᠪᠢᠯᠠᠬᠤ ᠵᠠᠭᠪᠤᠷ ᠢ ᠳᠡᠯᠭᠡᠷᠡᠭᠦᠯᠵᠦ᠂ ᠬᠠᠳᠠᠭᠠᠯᠠᠭᠳᠠᠵᠤ ᠪᠠᠶᠢᠭ᠎ᠠ ᠭᠠᠵᠠᠷ ᠰᠢᠷᠣᠢ ᠶᠢ ᠨᠡᠭᠡᠭᠡᠨ ᠠᠰᠢᠭᠯᠠᠬᠤ ᠶᠢ ᠰᠢᠯᠢᠳᠡᠭᠵᠢᠭᠦᠯᠵᠦ᠂ ᠲᠠᠯᠠᠢ ᠶᠢᠨ ᠣᠷᠣᠨ ᠤ ᠣᠷᠣᠨ ᠵᠠᠢ ᠶᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠨᠡᠭᠡᠭᠡᠨ ᠮᠠᠯᠲᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠴᠢᠨᠠᠷ ᠮᠠᠭᠤᠲᠠᠢ ᠡᠬᠢ ᠪᠠᠶᠠᠯᠢᠭ ᠢ ᠠᠰᠢᠭᠯᠠᠬᠤ ᠶᠢ ᠴᠢᠩᠭᠠᠳᠬᠠᠨ᠎ᠠ᠃    ︵ᠠᠷᠪᠠᠨ ᠳᠣᠯᠤᠭ᠎ᠠ︶ ᠡᠷᠭᠢᠯᠲᠡᠲᠦ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠡᠷᠭᠢᠯᠲᠡᠲᠦ ᠠᠵᠤ ᠠᠬᠤᠢ ᠶᠢᠨ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠡᠬᠢ ᠪᠠᠶᠠᠯᠢᠭ ᠤᠨ ᠡᠷᠭᠢᠯᠲᠡᠲᠦ ᠮᠠᠶ᠋ᠢᠭ ᠤᠨ ᠦᠢᠯᠡᠳᠪᠦᠷᠢᠯᠡᠯ ᠤᠨ ᠵᠠᠭᠪᠤᠷ ᠢ ᠳᠡᠯᠭᠡᠷᠡᠭᠦᠯᠦᠨ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠳᠠᠭᠢᠨ ᠦᠢᠯᠡᠳᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠳᠠᠭᠢᠨ ᠡᠭᠦᠰᠴᠦ ᠪᠤᠯᠬᠤ ᠮᠠᠲ᠋ᠧᠷᠢᠶᠠᠯ ᠪᠠ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠤᠤᠯ ᠡᠬᠢ ᠪᠠᠶᠠᠯᠢᠭ ᠢ ᠣᠷᠣᠯᠠᠭᠤᠯᠬᠤ ᠬᠡᠪᠴᠢᠶ᠎ᠡ ᠶᠢ ᠥᠷᠭᠡᠳᠬᠡᠨ᠎ᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠵᠤ᠂ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠢ ᠪᠦᠷᠢᠨᠰᠢᠭᠦᠯᠵᠦ᠂ ᠬᠠᠶᠠᠭᠳᠠᠮᠠᠯ ᠪᠣᠳᠠᠰ ᠢ ᠲᠥᠷᠥᠯ ᠬᠤᠪᠢᠶᠠᠨ ᠰᠢᠢᠳᠪᠦᠷᠢᠯᠡᠬᠦ ᠪᠠ ᠡᠭᠡᠭᠦᠯᠦᠨ ᠬᠤᠷᠢᠶᠠᠬᠤ ᠴᠢᠳᠠᠪᠤᠷᠢ ᠶᠢ ᠴᠢᠩᠭᠠᠷᠠᠭᠤᠯᠤᠨ᠂ ᠳᠠᠭᠢᠨ ᠠᠰᠢᠭᠯᠠᠬᠤ ᠶᠢ ᠬᠡᠪᠴᠢᠶᠡᠵᠢᠭᠦᠯᠬᠦ᠂ ᠵᠢᠷᠤᠮᠵᠢᠭᠤᠯᠬᠤ᠂ ᠨᠠᠷᠢᠯᠢᠭᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ 2030 ᠣᠨ ᠪᠤᠯᠬᠤ ᠳᠤ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠢᠯ ᠤᠨ ᠠᠰᠢᠭᠯᠠᠯᠲᠠ ᠶᠢᠨ ᠬᠡᠮᠵᠢᠶ᠎ᠡ ᠶᠢ 45 ᠳ᠋ᠦᠩᠰᠢᠭᠤᠷ ᠲᠣᠨ ᠣᠷᠴᠢᠮ ᠳᠤ ᠬᠦᠷᠭᠡᠵᠦ᠂ ᠭᠤᠣᠯ ᠪᠤᠯᠬᠤ ᠡᠬᠢ ᠪᠠᠶᠠᠯᠢᠭ ᠤᠨ ᠦᠢᠯᠡᠳᠪᠦᠷᠢᠯᠡᠬᠦ ᠨᠣᠷᠮ᠎ᠠ ᠶᠢ 2020 ᠣᠨ ᠤ ᠬᠢ ᠠᠴᠠ 45% ᠣᠷᠴᠢᠮ ᠳᠡᠭᠡᠭᠰᠢᠯᠡᠭᠦᠯᠦᠨ᠎ᠡ᠃    ᠨᠠᠢᠮᠠ᠂ ᠬᠡᠷᠡᠭᠯᠡᠭᠡ ᠶᠢᠨ ᠵᠠᠭᠪᠤᠷ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ    ︵ᠠᠷᠪᠠᠨ ᠨᠠᠢᠮᠠ︶ ᠪᠣᠬᠢᠷᠳᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠠᠷᠪᠢᠲᠠᠢ ᠪᠥᠭᠡᠳ ᠲᠣᠬᠢᠷᠠᠮᠵᠢᠲᠠᠢ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ᠂ ᠪᠣᠯᠪᠠᠰᠤᠨ ᠪᠥᠭᠡᠳ ᠡᠷᠡᠭᠦᠯ ᠠᠮᠢᠳᠤᠷᠠᠯ ᠤᠨ ᠣᠶᠢᠯᠠᠭᠠᠭᠳᠠᠬᠤᠨ ᠪᠠ ᠬᠡᠷᠡᠭᠯᠡᠭᠡᠨ ᠤ ᠠᠷᠭ᠎ᠠ ᠮᠠᠶ᠋ᠢᠭ ᠢ ᠶᠡᠭᠡ ᠪᠠᠷ ᠰᠠᠨᠠᠭᠠᠴᠢᠯᠠᠵᠤ᠂ ᠪᠣᠬᠢᠷᠳᠤᠯ ᠦᠭᠡᠢ ᠶᠢ ᠡᠷᠭᠢᠮᠯᠡᠭᠦ ᠣᠶᠢᠯᠠᠭᠠᠭᠳᠠᠬᠤᠨ ᠪᠠ ᠠᠷᠪᠢᠯᠠᠨ ᠭᠠᠮᠨᠠᠬᠤ ᠱᠠᠭᠠᠷᠳᠠᠯᠭ᠎ᠠ ᠶᠢ ᠬᠤᠳᠠ ᠶᠢᠨ ᠠᠷᠠᠳ ᠤᠨ ᠨᠡᠶᠢᠲᠡ ᠶᠢᠨ ᠭᠡᠷ᠎ᠡ᠂ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ᠂ ᠰᠤᠷᠤᠬᠴᠢᠳ ᠤᠨ ᠰᠠᠬᠢᠬᠤ ᠳᠦᠷᠢᠮ᠂ ᠪᠦᠯᠭᠦᠮ ᠤᠨ ᠳᠦᠷᠢᠮ ᠵᠡᠷᠭᠡ ᠨᠡᠶᠢᠭᠡᠮ ᠤᠨ ᠵᠢᠷᠤᠮᠵᠢᠯ ᠳᠤ ᠠᠭᠤᠰᠬᠠᠨ ᠣᠷᠣᠭᠤᠯᠵᠤ᠂ ᠪᠦᠭᠦ ᠠᠷᠠᠳ ᠤᠨ ᠠᠷᠪᠢᠯᠠᠨ ᠭᠠᠮᠨᠠᠬᠤ ᠤᠬᠠᠮᠰᠠᠷ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ᠂ ᠠᠮᠢ ᠠᠬᠤᠢ ᠶᠢᠨ ᠤᠬᠠᠮᠰᠠᠷ ᠢ ᠴᠢᠩᠭᠠᠳᠬᠠᠨ᠎ᠠ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠦᠭᠦ ᠠᠷᠠᠳ ᠤᠨ ᠠᠵᠢᠯᠯᠠᠭ᠎ᠠ ᠶᠢ ᠥᠷᠨᠢᠭᠦᠯᠵᠦ᠂ ᠣᠯᠠᠨ ᠨᠡᠶᠢᠲᠡ ᠶᠢᠨ ᠤᠰᠤ ᠶᠢ ᠠᠷᠪᠢᠯᠠᠨ ᠴᠠᠭᠢᠯᠭᠠᠨ ᠬᠡᠷᠡᠭᠯᠡᠬᠦ ᠶᠢ ᠬᠥᠲᠥᠯᠥᠨ ᠵᠢᠯᠤᠭᠤᠳᠴᠤ᠂ ᠱᠠᠯᠢᠨ ᠪᠦᠷᠢᠯᠭᠡᠬᠦ ᠶᠢ ᠡᠰᠡᠷᠭᠦᠴᠡᠨ᠂ ︽ᠠᠷᠪᠢᠲᠠᠢ ᠬᠤᠭᠤᠯᠠᠯᠠᠬᠤ ᠠᠵᠢᠯᠯᠠᠭ᠎ᠠ︾᠎ ᠶᠢ ᠳᠡᠯᠭᠡᠷᠡᠭᠦᠯᠵᠦ᠂ ᠭᠡᠲᠦ ᠨᠠᠷᠢᠯᠢᠭ ᠪᠣᠭᠤᠳᠠᠯᠯᠠᠬᠤ ᠶᠢ ᠬᠤᠷᠢᠭᠯᠠᠨ᠂ ᠨᠢᠭᠡ ᠯᠡ ᠤᠳᠠᠭ᠎ᠠ ᠬᠡᠷᠡᠭᠯᠡᠬᠦ ᠵᠦᠢᠯᠡᠰ ᠤᠨ ᠬᠡᠷᠡᠭᠯᠡᠯᠲᠡ ᠶᠢ ᠪᠠᠭᠠᠰᠬᠠᠵᠤ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠶᠠᠪᠠᠭᠠᠨ ᠶᠠᠪᠤᠬᠤ᠂ ᠳᠤᠭᠤᠢ ᠲᠡᠷᠭᠡ ᠵᠡᠷᠭᠡ ᠪᠣᠬᠢᠷᠳᠤᠯ ᠦᠭᠡᠢ ᠶᠠᠪᠤᠵᠤ ᠰᠠᠭᠤᠬᠤ ᠠᠷᠭ᠎ᠠ ᠮᠠᠶ᠋ᠢᠭ ᠢ ᠤᠷᠢᠳ ᠢᠶᠠᠷ ᠰᠣᠩᠭᠤᠬᠤ ᠶᠢ ᠬᠥᠲᠥᠯᠥᠨ ᠵᠢᠯᠤᠭᠤᠳᠴᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠦᠨ᠂ ᠱᠤᠤᠭᠢᠶᠠᠨ᠂ ᠣᠲᠤᠭ᠎ᠠ᠂ ᠦᠮᠡᠬᠡᠢ ᠦᠨᠦᠷ ᠵᠡᠷᠭᠡ ᠣᠯᠠᠨ ᠲᠦᠮᠡᠨ ᠤ ᠳᠡᠷᠭᠡᠳᠡᠬᠢ ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠢ ᠡᠷᠭᠢᠮᠯᠡᠭᠦ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠦᠨ᠎ᠡ᠃    ︵ᠠᠷᠪᠠ ᠶᠢᠰᠦ︶ ᠪᠣᠬᠢᠷᠳᠤᠯ ᠦᠭᠡᠢ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠪᠣᠬᠢᠷᠳᠤᠯ ᠦᠭᠡᠢ ᠪᠠᠷ ᠵᠢᠷᠤᠵᠤ ᠲᠥᠯᠥᠪᠯᠡᠬᠦ᠂ ᠪᠣᠬᠢᠷᠳᠤᠯ ᠦᠭᠡᠢ ᠮᠠᠲ᠋ᠧᠷᠢᠶᠠᠯ ᠢ ᠰᠣᠩᠭᠤᠬᠤ᠂ ᠪᠣᠬᠢᠷᠳᠤᠯ ᠦᠭᠡᠢ ᠦᠢᠯᠡᠳᠬᠦ᠂ ᠪᠣᠬᠢᠷᠳᠤᠯ ᠦᠭᠡᠢ ᠪᠣᠭᠤᠳᠠᠯᠯᠠᠬᠤ᠂ ᠪᠣᠬᠢᠷᠳᠤᠯ ᠦᠭᠡᠢ ᠲᠡᠭᠡᠭᠡᠪᠦᠷᠢᠯᠡᠬᠦ᠂ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠶᠢ ᠬᠥᠲᠥᠯᠥᠨ ᠵᠢᠯᠤᠭᠤᠳᠴᠤ᠂ ᠦᠢᠯᠡᠳᠬᠦᠨ ᠤ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠡᠨᠧᠷᠭᠢ ᠶᠢᠨ ᠡᠬᠢ ᠪᠠᠶᠠᠯᠢᠭ ᠤᠨ ᠬᠤᠷᠣᠭᠳᠠᠯ ᠪᠠ ᠠᠮᠢ ᠠᠬᠤᠢ ᠣᠷᠴᠢᠨ ᠲᠣᠭᠤᠷᠢᠨ ᠳᠤ ᠦᠵᠡᠭᠦᠯᠭᠦ ᠨᠥᠯᠥᠭᠡ ᠶᠢ ᠪᠠᠭᠤᠷᠠᠭᠤᠯᠤᠨ᠎ᠠ᠃ ᠪᠣᠬᠢᠷᠳᠤᠯ ᠦᠭᠡᠢ ᠦᠢᠯᠡᠳᠬᠦᠨ ᠢ ᠵᠢᠷᠤᠵᠤ ᠲᠥᠯᠥᠪᠯᠡᠬᠦ᠂ ᠬᠤᠳᠠᠯᠳᠤᠨ ᠠᠪᠬᠤ᠂ ᠦᠢᠯᠡᠳᠬᠦ ᠪᠠᠷᠢᠮᠵᠢᠶ᠎ᠠ ᠵᠢᠷᠤᠮᠵᠢᠯ ᠢ ᠪᠠᠶᠢᠭᠤᠯᠤᠨ ᠪᠦᠷᠢᠨᠰᠢᠭᠦᠯᠵᠦ᠂ ᠪᠣᠬᠢᠷᠳᠤᠯ ᠦᠭᠡᠢ ᠦᠢᠯᠡᠳᠬᠦᠨ ᠢ ᠬᠢᠨᠠᠨ ᠭᠡᠷᠡᠴᠢᠯᠡᠬᠦ ᠬᠢᠭᠡᠳ ᠢᠯᠭᠠᠮᠵᠢ ᠲᠡᠮᠳᠡᠭ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠡᠨᠧᠷᠭᠢ ᠶᠢᠨ ᠠᠰᠢᠭᠯᠠᠮᠵᠢ᠂ ᠤᠰᠤᠨ ᠤ ᠠᠰᠢᠭᠯᠠᠮᠵᠢ ᠶᠢᠨ ᠢᠯᠭᠠᠮᠵᠢ ᠲᠡᠮᠳᠡᠭ ᠤᠨ ᠳᠦᠷᠢᠮ ᠢ ᠲᠡᠭᠦᠯᠳᠡᠷᠵᠢᠭᠦᠯᠵᠦ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ ᠪᠠ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠢᠯᠭᠠᠮᠵᠢ ᠲᠡᠮᠳᠡᠭ ᠢ ᠭᠡᠷᠡᠴᠢᠯᠡᠬᠦ ᠳᠦᠷᠢᠮ ᠢ ᠲᠣᠭᠲᠠᠭᠠᠨ᠎ᠠ᠃ ᠪᠣᠬᠢᠷᠳᠤᠯ ᠦᠭᠡᠢ ᠦᠢᠯᠡᠳᠬᠦᠨ ᠪᠠ ᠦᠢᠯᠡᠴᠢᠯᠡᠭᠡᠨ ᠢ ᠬᠢᠨᠠᠨ ᠭᠡᠷᠡᠴᠢᠯᠡᠬᠦ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠭᠡᠷᠡᠴᠢᠯᠡᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠳᠡᠯᠡᠬᠡᠢ ᠳᠤ ᠨᠥᠯᠥᠭᠡᠯᠡᠬᠦ ᠬᠦᠴᠦᠨ ᠲᠠᠢ ᠪᠣᠬᠢᠷᠳᠤᠯ ᠦᠭᠡᠢ ᠶᠢᠨ ᠬᠢᠨᠠᠨ ᠭᠡᠷᠡᠴᠢᠯᠡᠬᠦ ᠪᠠᠶᠢᠭᠤᠯᠤᠮᠵᠢ ᠶᠢ ᠪᠤᠶᠢᠵᠢᠭᠤᠯᠤᠨ᠎ᠠ᠃    ︵ᠬᠤᠷᠢ︶ ᠪᠣᠬᠢᠷᠳᠤᠯ ᠦᠭᠡᠢ ᠬᠡᠷᠡᠭᠯᠡᠭᠡ ᠶᠢ ᠢᠳᠡᠪᠬᠢᠲᠡᠢ ᠥᠷᠭᠡᠳᠬᠡᠨ᠎ᠡ᠃ ᠪᠣᠬᠢᠷᠳᠤᠯ ᠦᠭᠡᠢ ᠬᠡᠷᠡᠭᠯᠡᠭᠡ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠤ ᠪᠣᠬᠢᠷᠳᠤᠯ ᠦᠭᠡᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠪᠣᠬᠢᠷᠳᠤᠯ ᠦᠭᠡᠢ ᠦᠢᠯᠡᠳᠬᠦᠨ ᠬᠤᠳᠠᠯᠳᠤᠨ ᠠᠪᠬᠤ ᠬᠡᠪᠴᠢᠶ᠎ᠡ ᠪᠠ ᠬᠡᠮᠵᠢᠶ᠎ᠡ ᠶᠢ ᠥᠷᠭᠡᠳᠬᠡᠨ᠂ ᠴᠠᠭ ᠲᠤᠨᠢ ᠲᠣᠬᠢᠷᠠᠭᠤᠯᠤᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠣᠷᠣᠭᠤᠯᠤᠨ᠎ᠠ᠃ ᠠᠵᠤ ᠠᠬᠤᠶᠢᠯᠠᠯ ᠤᠨ ᠪᠣᠬᠢᠷᠳᠤᠯ ᠦᠭᠡᠢ ᠬᠤᠳᠠᠯᠳᠤᠨ ᠠᠪᠬᠤ ᠵᠦᠭᠯᠡᠭᠦᠷ ᠢ ᠬᠡᠷᠡᠭᠵᠢᠭᠦᠯᠬᠦ ᠶᠢ ᠬᠥᠲᠥᠯᠥᠨ ᠵᠢᠯᠤᠭᠤᠳᠴᠤ᠂ ᠨᠥᠬᠦᠴᠡᠯ ᠲᠠᠢ ᠠᠵᠤ ᠠᠬᠤᠶᠢᠯᠠᠯ ᠤᠨ ᠪᠣᠬᠢᠷᠳᠤᠯ ᠦᠭᠡᠢ ᠬᠠᠩᠭᠠᠯᠭ᠎ᠠ ᠶᠢᠨ ᠬᠡᠯᠬᠢᠶᠡᠰᠦ ᠪᠠᠶᠢᠭᠤᠯᠬᠤ ᠶᠢ ᠵᠣᠷᠢᠭᠵᠢᠭᠤᠯᠤᠨ᠂ ᠡᠬᠢᠨ ᠤ ᠪᠠ ᠡᠴᠦᠰ ᠤᠨ ᠬᠡᠯᠬᠢᠶ᠎ᠡ ᠶᠢᠨ ᠠᠵᠤ ᠠᠬᠤᠶᠢᠯᠠᠯ ᠤᠨ ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠠᠨ᠎ᠠ᠃ ᠨᠥᠬᠦᠴᠡᠯ ᠲᠠᠢ ᠭᠠᠵᠠᠷ ᠣᠷᠣᠨ ᠢ ᠳᠡᠮᠵᠢᠵᠦ ᠬᠡᠷᠡᠭᠯᠡᠭᠡ ᠶᠢᠨ ᠲᠡᠮᠳᠡᠭᠲᠦ᠂ ᠪᠣᠬᠢᠷᠳᠤᠯ ᠦᠭᠡᠢ ᠶᠢᠨ ᠬᠤᠪᠢ ᠬᠤᠷᠠᠮᠳᠤᠭᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠵᠡᠷᠭᠡ ᠠᠷᠭ᠎ᠠ ᠭᠡᠯᠪᠡᠷᠢ ᠶᠢ ᠬᠡᠷᠡᠭᠯᠡᠨ᠂ ᠬᠡᠷᠡᠭᠯᠡᠭᠴᠢᠳ ᠤᠨ ᠪᠣᠬᠢᠷᠳᠤᠯ ᠦᠭᠡᠢ ᠦᠢᠯᠡᠳᠬᠦᠨ ᠬᠤᠳᠠᠯᠳᠤᠨ ᠠᠪᠬᠤ ᠶᠢ ᠬᠥᠲᠥᠯᠥᠨ ᠵᠢᠯᠣᠭᠤᠳᠤᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡ ᠪᠠ ᠪᠣᠬᠢᠷᠳᠤᠯ ᠦᠭᠡᠢ ᠣᠶᠤᠨᠴᠢ ᠭᠡᠷ ᠤᠨ ᠴᠠᠭᠢᠯᠭᠠᠨ ᠬᠡᠷᠡᠭᠰᠡᠯ᠂ ᠤᠰᠤ ᠠᠷᠪᠢᠯᠠᠬᠤ ᠪᠠᠭᠠᠵᠢ ᠬᠡᠷᠡᠭᠰᠡᠯ᠂ ᠡᠨᠧᠷᠭᠢ ᠠᠷᠪᠢᠯᠠᠬᠤ ᠵᠤᠤᠬ᠎ᠠ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠥᠷᠨᠢᠭᠦᠯᠵᠦ᠂ ᠢᠵᠢ ᠪᠦᠷᠢᠳᠦᠭᠦᠯᠬᠦ ᠲᠤᠨᠤᠭ ᠲᠥᠬᠦᠭᠡᠷᠦᠮᠵᠢ ᠶᠢᠨ ᠪᠠᠶᠢᠭᠤᠯᠤᠯᠲᠠ ᠪᠠ ᠪᠣᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠬᠡᠷᠡᠭᠯᠡᠭᠴᠢᠳ ᠤᠨ ᠪᠣᠬᠢᠷᠳᠤᠯ ᠦᠭᠡᠢ ᠡᠨᠧᠷᠭᠢ ᠶᠢᠨ ᠬᠡᠷᠡᠭᠯᠡᠭᠡ ᠪᠠᠨ ᠥᠷᠭᠡᠳᠬᠡᠬᠦ ᠶᠢ ᠵᠣᠷᠢᠭᠵᠢᠭᠤᠯᠤᠨ᠎ᠠ᠃    ᠶᠢᠰᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠎ᠠ    ︵ᠬᠤᠷᠢᠨ ᠨᠢᠭᠡ︶ ᠬᠡᠷᠡᠭᠯᠡᠭᠡᠨ ᠤ ᠰᠠᠭᠤᠷᠢ ᠰᠤᠳᠤᠯᠭᠠᠨ ᠢ ᠴᠢᠩᠭᠠᠷᠠᠭᠤᠯᠤᠨ᠎ᠠ᠃ ᠬᠤᠰᠢᠭᠤᠷᠠᠯ ᠬᠥᠲᠥᠯᠥᠨ ᠳᠠᠭᠠᠭᠤᠯᠬᠤ ᠮᠡᠷᠭᠡᠵᠢᠯ᠂ ᠡᠭᠦᠳᠦᠯᠲᠡ ᠶᠢᠨ ᠴᠢᠨᠠᠷᠲᠠᠢ ᠮᠡᠷᠭᠡᠵᠢᠯ ᠢ ᠲᠥᠰᠥᠭᠡᠯᠡᠬᠦ᠂ ᠢᠯᠡᠷᠡᠭᠦᠯᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠶᠢ ᠪᠠᠶᠢᠭᠤᠯᠵᠤ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠲᠥᠬᠦᠭᠡᠷᠦᠮᠵᠢ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠠᠶᠢᠷᠢᠰᠢᠭᠤᠯᠵᠤ᠂ ᠨᠢᠭᠡ ᠪᠦᠯᠦᠭ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠤᠯᠤᠰ ᠤᠨ ᠰᠢᠨ᠎ᠡ ᠶᠢ ᠡᠭᠦᠳᠬᠦ ᠲᠠᠪᠴᠠᠩ ᠢ ᠵᠣᠬᠢᠬᠤ ᠬᠡᠮᠵᠢᠶᠡᠨ ᠳᠣᠲᠣᠷ᠎ᠠ ᠤᠷᠢᠳᠴᠢᠯᠠᠨ ᠪᠠᠶᠢᠷᠢᠰᠢᠭᠤᠯᠵᠤ᠂ ᠨᠢᠭᠡ ᠪᠦᠯᠦᠭ ᠤᠯᠤᠰ ᠤᠨ ᠭᠤᠣᠯᠳᠠᠭ᠎ᠠ ᠲᠠᠢ ᠲᠤᠷᠰᠢᠯᠲᠠ ᠶᠢᠨ ᠳᠠᠰᠤᠭ ᠪᠠ ᠤᠯᠤᠰ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠨᠢᠭᠡ ᠪᠦᠯᠦᠭ ᠤᠯᠤᠰ ᠤᠨ ᠴᠢᠬᠤᠯᠠ ᠶᠡᠭᠡ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠬᠡᠷᠡᠭᠵᠢᠭᠦᠯᠵᠦ᠂ ᠪᠣᠬᠢᠷᠳᠤᠯ ᠦᠭᠡᠢ ᠪᠥᠭᠡᠳ ᠨᠡᠭᠦᠷᠡᠰᠦᠳᠥ᠋ᠷᠦᠭᠴᠢ ᠪᠠᠭᠠᠲᠠᠢ ᠬᠦᠷᠢᠶ᠎ᠡ ᠴᠠᠷᠠᠭ᠎ᠠ ᠳᠠᠬᠢ ᠬᠡᠷᠡᠭᠯᠡᠭᠡᠨ ᠤ ᠰᠠᠭᠤᠷᠢ ᠰᠤᠳᠤᠯᠭᠠᠨ ᠢ ᠬᠦᠴᠦᠯᠡᠨ ᠴᠢᠩᠭᠠᠳᠬᠠᠵᠤ᠂ ᠡᠭᠦᠳᠦᠯᠲᠡ ᠶᠢᠨ ᠴᠢᠨᠠᠷᠲᠠᠢ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠭᠵᠢᠭᠡᠨ᠎ᠡ᠃ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠰᠢᠨᠵᠢᠯᠡᠭᠡᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠣᠶᠤᠨ ᠤ ᠰᠠᠭᠤᠷᠢ ᠶᠢ ᠪᠠᠬᠢᠵᠢᠭᠦᠯᠦᠨ᠎ᠡ᠃    ︵ᠬᠤᠷᠢᠨ ᠬᠤᠶᠠᠷ︶ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠶᠢ ᠲᠦᠷᠭᠡᠳᠬᠡᠨ᠎ᠡ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠬᠤᠯᠪᠣᠭᠳᠠᠯ ᠪᠦᠬᠦᠢ ᠮᠡᠷᠭᠡᠵᠢᠯ ᠢ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠲᠤᠰᠬᠠᠢ ᠲᠦᠷᠦᠯ ᠵᠦᠢᠯ ᠤᠨ ᠴᠢᠬᠤᠯᠠ ᠳᠡᠮᠵᠢᠯᠭᠡ ᠶᠢᠨ ᠴᠢᠭᠯᠡᠯ ᠪᠤᠯᠭᠠᠵᠤ᠂ ᠡᠨᠧᠷᠭᠢ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠳᠥ᠋ᠷᠦᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠨᠡᠭᠦᠷᠡᠰᠦᠲᠥ᠋ᠷᠥᠭᠴᠢ ᠪᠠᠭᠠᠲᠠᠢ ᠨᠡᠭᠦᠷᠡᠰᠦᠳᠥ᠋ᠷᠦᠭᠴᠢ ᠦᠯᠦ ᠭᠠᠳᠠᠭᠰᠢᠯᠠᠭᠤᠯᠬᠤ ᠤᠷ᠎ᠠ ᠮᠡᠷᠭᠡᠰᠢᠯ ᠤᠨ ᠶᠠᠪᠤᠴᠠ ᠶᠢ ᠲᠠᠭᠢᠨ ᠦᠢᠯᠡᠳᠬᠦ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠴᠤᠭᠯᠠᠭᠤᠯᠤᠨ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ᠂ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠬᠦ ᠪᠠ ᠡᠷᠭᠢᠯᠳᠦᠭᠦᠯᠦᠨ ᠠᠰᠢᠭᠯᠠᠬᠤ᠂ ᠰᠢᠨ᠎ᠡ ᠪᠣᠬᠢᠷᠳᠤᠯ ᠪᠣᠳᠠᠰ ᠢ ᠵᠠᠰᠠᠬᠤ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠳᠠᠭᠠᠭᠤᠯᠤᠭᠴᠢ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠬᠤᠯᠪᠣᠭᠠᠲᠤ ᠴᠣᠭᠴᠠ ᠶᠢ ᠲᠦᠷᠦᠭᠦᠯᠡᠨ ᠪᠠᠶᠢᠭᠤᠯᠬᠤ ᠶᠢ ᠳᠡᠮᠵᠢᠵᠦ᠂ ᠳᠤᠮᠳᠠ ᠵᠢᠵᠢᠭ ᠠᠵᠤ ᠠᠬᠤᠶᠢᠯᠠᠯ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠢ ᠰᠤᠳᠤᠯᠤᠨ ᠨᠡᠭᠡᠭᠡᠬᠦ ᠶᠢ ᠲᠤᠰᠠᠯᠠᠬᠤ ᠡᠷᠴᠢᠮ ᠢ ᠴᠢᠩᠭᠠᠷᠠᠭᠤᠯᠤᠨ᠂ ᠡᠯ᠎ᠡ ᠲᠥᠷᠥᠯ ᠤᠨ ᠥᠮᠴᠢᠯᠡᠯ ᠤᠨ ᠳᠦᠷᠢᠮᠲᠦ ᠠᠵᠤ ᠠᠬᠤᠶᠢᠯᠠᠯ ᠤᠨ ᠤᠯᠤᠰ ᠤᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠳᠤ ᠣᠷᠤᠯᠴᠠᠬᠤ ᠶᠢ ᠵᠣᠷᠢᠭᠵᠢᠭᠤᠯᠤᠨ᠎ᠠ᠃    ︵ᠬᠤᠷᠢᠨ ᠭᠤᠷᠪᠠ︶ ᠰᠢᠨ᠎ᠡ ᠶᠢ ᠡᠭᠦᠳᠴᠦ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠥᠷᠨᠢᠭᠦᠯᠦᠨ᠎ᠡ᠃ ᠰᠢᠨ᠎ᠡ ᠶᠢ ᠡᠭᠦᠳᠬᠦ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠦᠵᠡᠭᠦᠯᠭᠦ ᠵᠠᠩᠭᠢᠯᠠᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠤᠯᠠᠨ ᠲᠡᠰ ᠳᠠᠪᠬᠤᠷᠭ᠎ᠠ ᠶᠢᠨ ᠲᠤᠷᠰᠢᠯᠲᠠ ᠶᠢ ᠥᠷᠨᠢᠭᠦᠯᠵᠦ᠂ ᠠᠵᠤ ᠦᠢᠯᠡᠳᠪᠦᠷᠢ᠂ ᠡᠨᠧᠷᠭᠢ᠂ ᠵᠠᠮ ᠲᠡᠭᠡᠭᠡᠪᠦᠷᠢ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠭᠦ ᠢᠨᠵᠧᠨᠧᠷᠢᠩ ᠢ ᠬᠡᠷᠡᠭᠵᠢᠭᠦᠯᠵᠦ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠵᠢᠱᠢᠶ᠎ᠡ ᠦᠵᠡᠭᠦᠯᠭᠦ ᠬᠡᠷᠡᠭᠯᠡᠯᠲᠡ ᠪᠠ ᠳᠡᠯᠭᠡᠷᠡᠭᠦᠯᠦᠯᠲᠡ ᠶᠢ ᠲᠦᠷᠭᠡᠳᠬᠡᠨ᠎ᠡ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠢ ᠦᠨᠡᠯᠡᠨ ᠵᠢᠱᠢᠬᠦ᠂ ᠠᠷᠠᠯᠵᠢᠶᠠᠯᠠᠬᠤ ᠰᠢᠰᠲ᠋ᠧᠮ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠵᠦ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢᠨ ᠬᠥᠭᠵᠢᠯᠲᠡ ᠳᠤ ᠠᠰᠢᠭᠲᠠᠢ ᠬᠤᠳᠠᠯᠳᠤᠭᠠᠨ ᠤ ᠵᠠᠭᠪᠤᠷ ᠢ ᠰᠦᠪᠡᠭᠴᠢᠯᠡᠨ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠡᠭᠦᠳᠦᠨ ᠪᠦᠲᠦᠭᠡᠬᠦ᠂ ᠬᠠᠮᠠᠭᠠᠯᠠᠬᠤ᠂ ᠬᠡᠷᠡᠭᠯᠡᠬᠦ ᠶᠢ ᠴᠢᠩᠭᠠᠳᠬᠠᠵᠤ᠂ ᠪᠦᠭᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃    ᠠᠷᠪᠠ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ    ︵ᠬᠤᠷᠢᠨ ᠳᠥᠷᠪᠡ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠎ᠡ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠪᠠ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠬᠤ ᠳᠤ ᠠᠰᠢᠭᠲᠠᠢ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠤᠨ ᠪᠠᠶᠢᠭᠤᠯᠤᠯᠲᠠ᠂ ᠤᠯᠠᠮᠵᠢᠯᠠᠯᠲᠤ ᠠᠵᠢᠯ ᠲᠥᠷᠥᠯ ᠢ ᠥᠭᠡᠷᠡᠴᠢᠯᠡᠨ ᠲᠠᠰ ᠳᠡᠪᠰᠢᠭᠦᠯᠬᠦ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠡᠨᠧᠷᠭᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠪᠠ ᠪᠣᠬᠢᠷᠳᠤᠯ ᠦᠭᠡᠢ ᠪᠥᠭᠡᠳ ᠨᠡᠭᠦᠷᠡᠰᠦᠳᠥ᠋ᠷᠦᠭᠴᠢ ᠪᠠᠭᠠᠲᠠᠢ ᠠᠮᠢᠳᠤᠷᠠᠯ ᠤᠨ ᠠᠷᠭ᠎ᠠ ᠭᠡᠯᠪᠡᠷᠢ ᠶᠢ ᠳᠡᠯᠭᠡᠷᠡᠭᠦᠯᠬᠦ ᠵᠡᠷᠭᠡ ᠬᠦᠷᠢᠶ᠎ᠡ ᠴᠠᠷᠠᠭ᠎ᠠ ᠶᠢᠨ ᠠᠵᠢᠯ ᠢ ᠳᠡᠮᠵᠢᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠵᠤ ᠤᠰᠤ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠢᠨ᠎ᠡ ᠡᠨᠧᠷᠭᠢ ᠪᠠ ᠴᠡᠪᠡᠷ ᠡᠨᠧᠷᠭᠢ ᠶᠢᠨ ᠲᠡᠷᠭᠡ ᠬᠥᠰᠬᠡ ᠶᠢᠨ ᠭᠠᠶᠢᠯᠢ ᠬᠥᠰᠬᠡ ᠶᠢᠨ ᠬᠠᠷᠠᠭᠠᠯᠵᠠᠯ ᠢ ᠨᠠᠶᠢᠳᠠᠪᠤᠷᠢᠵᠢᠭᠤᠯᠤᠨ᠎ᠠ᠃ ᠪᠣᠬᠢᠷᠳᠤᠯ ᠦᠭᠡᠢ ᠭᠠᠶᠢᠯᠢ ᠶᠢᠨ ᠳᠦᠷᠢᠮ ᠢ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠤᠨ ᠰᠦᠢᠳᠬᠡᠯ ᠤᠨ ᠭᠠᠶᠢᠯᠢ ᠶᠢ ᠥᠭᠡᠷᠡᠴᠢᠯᠡᠬᠦ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠬᠤᠷᠢᠶᠠᠬᠤ ᠰᠢᠰᠲ᠋ᠧᠮ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠳᠡᠮᠵᠢᠬᠦ ᠬᠠᠮᠢᠶ᠎ᠠ ᠪᠦᠬᠦᠢ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ᠎ᠠ᠃    ︵ᠬᠤᠷᠢᠨ ᠲᠠᠪᠤ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠮᠥᠩᠭᠦᠨ ᠭᠦᠢᠯᠭᠡᠭᠡᠨ ᠤ ᠪᠠᠭᠠᠵᠢ ᠶᠢ ᠪᠠᠶᠠᠯᠢᠭᠵᠢᠭᠤᠯᠤᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠳᠡᠮᠵᠢᠬᠦ ᠪᠠᠭᠠᠵᠢ ᠶᠢ ᠬᠡᠷᠡᠭᠵᠢᠭᠦᠯᠬᠦ ᠬᠤᠭᠤᠴᠠᠭ᠎ᠠ ᠶᠢ 2027 ᠣᠨ ᠤ ᠡᠴᠦᠰ ᠪᠤᠯᠲᠠᠯ᠎ᠠ ᠤᠷᠲᠤᠳᠬᠠᠨ᠎ᠠ᠃ ᠭᠡᠯᠪᠡᠷᠢ ᠪᠠᠨ ᠬᠤᠪᠢᠷᠠᠭᠤᠯᠬᠤ ᠮᠥᠩᠭᠦᠨ ᠭᠦᠢᠯᠭᠡᠭᠡᠨ ᠤ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠤᠯᠠᠮᠵᠢᠯᠠᠯᠲᠤ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠵᠦᠢ ᠵᠣᠬᠢᠰᠲᠠᠢ ᠴᠢᠬᠤᠯᠠ ᠪᠦᠬᠦᠢ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠨ᠎ᠠ᠃ ᠪᠠᠩᠬᠢ ᠶᠢ ᠵᠣᠷᠢᠭᠵᠢᠭᠤᠯᠵᠤ ᠲᠦᠭᠰᠢᠭᠦᠷᠢ ᠶᠢ ᠵᠦᠢ ᠵᠣᠬᠢᠰᠲᠠᠢ ᠦᠨᠡᠯᠡᠨ ᠵᠢᠱᠢᠭᠰᠡᠨ ᠰᠠᠭᠤᠷᠢᠨ ᠳᠡᠭᠡᠷ᠎ᠡ ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠤᠨ ᠪᠣᠬᠢᠷᠳᠤᠯ ᠦᠭᠡᠢ ᠲᠡᠶᠢᠰᠢ ᠲᠣᠬᠢᠷᠠᠭᠤᠯᠤᠯᠲᠠ ᠬᠢᠬᠦ ᠶᠢ ᠬᠥᠲᠥᠯᠥᠨ ᠵᠢᠯᠤᠭᠤᠳᠴᠤ᠂ ᠨᠥᠬᠦᠴᠡᠯ ᠲᠠᠢ ᠭᠠᠵᠠᠷ ᠣᠷᠣᠨ ᠨᠢ ᠵᠠᠰᠠᠭ ᠤᠨ ᠣᠷᠳᠣᠨ ᠤ ᠴᠢᠨᠠᠷᠲᠠᠢ ᠪᠡᠯᠡ ᠬᠤᠷᠠᠮᠳᠤᠭᠤᠯᠬᠤ ᠪᠠᠲᠤᠯᠠᠭ᠎ᠠ ᠶᠢᠨ ᠪᠠᠶᠢᠭᠤᠯᠤᠮᠵᠢ ᠪᠠᠷ ᠳᠠᠮᠵᠢᠭᠤᠯᠤᠨ ᠪᠣᠬᠢᠷᠳᠤᠯ ᠦᠭᠡᠢ ᠢᠲᠡᠭᠡᠮᠵᠢᠲᠦ ᠵᠢᠭᠡᠯᠡᠯᠭᠡ ᠶᠢᠨ ᠬᠥᠭᠵᠢᠯᠲᠡ ᠶᠢ ᠳᠡᠮᠵᠢᠵᠦ ᠪᠣᠯᠣᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠣᠯᠠᠨ ᠵᠦᠢᠯ ᠤᠨ ᠠᠷᠭ᠎ᠠ ᠭᠡᠯᠪᠡᠷᠢ ᠪᠠᠷ ᠳᠠᠮᠵᠢᠭᠤᠯᠤᠨ ᠪᠣᠬᠢᠷᠳᠤᠯ ᠦᠭᠡᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠬᠤᠷᠠᠮᠳᠤᠭᠤᠯᠬᠤ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ ᠰᠲ᠋ᠣᠺ ᠤᠨ ᠡᠷᠬᠡ ᠶᠢᠨ ᠪᠡᠯᠡ ᠬᠤᠷᠠᠮᠳᠤᠭᠤᠯᠬᠤ᠂ ᠪᠣᠬᠢᠷᠳᠤᠯ ᠦᠭᠡᠢ ᠪᠡᠯᠡ ᠬᠤᠷᠠᠮᠳᠤᠭᠤᠯᠬᠤ ᠲᠦᠷᠢᠶᠡᠰᠦᠯᠡᠭᠦᠯᠬᠦ᠂ ᠪᠣᠬᠢᠷᠳᠤᠯ ᠦᠭᠡᠢ ᠢᠲᠡᠭᠡᠮᠵᠢ ᠵᠡᠷᠭᠡ ᠮᠥᠩᠭᠦᠨ ᠭᠦᠢᠯᠭᠡᠭᠡᠨ ᠤ ᠪᠠᠭᠠᠵᠢ ᠶᠢ ᠢᠳᠡᠪᠬᠢᠲᠡᠢ ᠬᠥᠭᠵᠢᠭᠦᠯᠵᠦ᠂ ᠨᠡᠭᠦᠷᠡᠰᠦᠲᠥ᠋ᠷᠥᠭᠴᠢ ᠶᠢᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠪᠠ ᠡᠭᠦᠰᠦᠮᠡᠯ ᠪᠠᠭᠠᠵᠢ ᠶᠢᠨ ᠰᠢᠨ᠎ᠡ ᠶᠢ ᠡᠭᠦᠳᠬᠦ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠪᠣᠬᠢᠷᠳᠤᠯ ᠦᠭᠡᠢ ᠳᠠᠭᠠᠳᠬᠠᠯ ᠢ ᠬᠥᠭᠵᠢᠭᠦᠯᠵᠦ᠂ ᠵᠥᠷᠢᠶᠡᠲᠦ ᠳᠠᠭᠠᠳᠬᠠᠯ ᠤᠨ ᠰᠦᠢᠳᠬᠡᠯ ᠤᠨ ᠨᠤᠷᠮ᠎ᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃    ︵ᠬᠤᠷᠢᠨ ᠵᠢᠷᠭᠤᠭ᠎ᠠ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠪᠡᠯᠡ ᠣᠷᠣᠭᠤᠯᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ᠎ᠡ᠃ ᠪᠡᠯᠡ ᠣᠷᠣᠭᠤᠯᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠪᠠ ᠰᠢᠯᠢᠳᠡᠭᠵᠢᠭᠦᠯᠵᠦ᠂ ᠡᠯ᠎ᠡ ᠲᠦᠷᠦᠯ ᠤᠨ ᠬᠥᠷᠥᠩᠭᠡ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠦᠷᠢᠶ᠎ᠡ ᠴᠠᠷᠠᠭ᠎ᠠ ᠳᠠᠬᠢ ᠪᠡᠯᠡ ᠣᠷᠣᠭᠤᠯᠤᠯᠲᠠ ᠶᠢᠨ ᠬᠠᠷᠢᠴᠠᠯ ᠢᠶᠠᠨ ᠳᠡᠭᠡᠭᠰᠢᠯᠡᠭᠦᠯᠭᠦ ᠶᠢ ᠵᠣᠷᠢᠭᠵᠢᠭᠤᠯᠤᠨ᠎ᠠ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠨᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠭᠦ᠂ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠡᠷᠭᠢᠯᠳᠦᠭᠦᠯᠦᠨ ᠠᠰᠢᠭᠯᠠᠬᠤ᠂ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭ᠎ᠠ ᠳᠠᠬᠢ ᠭᠤᠣᠯᠳᠠᠯᠭ᠎ᠠ ᠲᠠᠢ ᠲᠥᠷᠥᠯ ᠵᠦᠢᠯ ᠳᠤ ᠢᠳᠡᠪᠬᠢᠲᠡᠢ ᠳᠡᠮᠵᠢᠯᠭᠡ ᠦᠵᠡᠭᠦᠯᠦᠨ᠎ᠡ᠃ ᠨᠡᠶᠢᠭᠡᠮ ᠤᠨ ᠬᠥᠷᠥᠩᠭᠡ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠥᠷᠥᠯ ᠵᠦᠢᠯ ᠤᠨ ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ᠂ ᠡᠵᠡᠩᠨᠡᠯᠲᠡ ᠳᠤ ᠣᠷᠤᠯᠴᠠᠬᠤ ᠶᠢ ᠬᠥᠲᠥᠯᠥᠨ ᠵᠢᠯᠤᠭᠤᠳᠬᠤ ᠪᠠ ᠵᠢᠷᠤᠮᠵᠢᠭᠤᠯᠵᠤ᠂ ᠨᠡᠶᠢᠭᠡᠮ ᠤᠨ ᠬᠥᠷᠥᠩᠭᠡ ᠶᠢᠨ ᠵᠠᠬ᠎ᠠ ᠳᠡᠯᠭᠡᠭᠦᠷᠴᠢᠯᠡᠭᠰᠡᠨ ᠠᠷᠭ᠎ᠠ ᠭᠡᠯᠪᠡᠷᠢ ᠪᠠᠷ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠶᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠬᠠᠮᠢᠶ᠎ᠠ ᠪᠦᠬᠦᠢ ᠲᠥᠷᠥᠯ ᠵᠦᠢᠯ ᠤᠨ ᠰᠠᠭᠤᠷᠢ ᠲᠥᠬᠦᠭᠡᠷᠦᠮᠵᠢ ᠶᠢᠨ ᠬᠦᠷᠢᠶ᠎ᠡ ᠴᠠᠷᠠᠭ᠎ᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠰᠠᠭᠤᠷᠢ ᠮᠥᠩᠭᠦ ︵REITs︶ ᠲᠠᠷᠬᠠᠭᠠᠬᠤ ᠶᠢ ᠳᠡᠮᠵᠢᠨ᠎ᠡ᠃    ︵ᠬᠤᠷᠢᠨ ᠳᠣᠯᠤᠭ᠎ᠠ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠴᠠᠭᠢᠯᠭᠠᠨ ᠬᠦᠴᠦᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠢᠳᠤᠯᠢᠭ ᠴᠢᠨᠠᠷᠲᠠᠢ ᠴᠠᠭᠢᠯᠭᠠᠨ ᠡᠭᠦᠰᠬᠡᠭᠴᠢ ᠶᠢᠨ ᠰᠢᠰᠲ᠋ᠧᠮ ᠲᠠᠢ ᠲᠣᠬᠢᠷᠠᠭᠤᠯᠬᠤ ᠦᠨ᠎ᠡ ᠬᠠᠩᠰᠢ ᠶᠢᠨ ᠲᠣᠭᠲᠠᠴᠠ ᠳᠤ ᠣᠷᠤᠯᠴᠠᠬᠤ ᠶᠢ ᠲᠡᠭᠦᠯᠳᠡᠷᠵᠢᠭᠦᠯᠦᠨ ᠵᠣᠷᠢᠭᠵᠢᠭᠤᠯᠵᠤ᠂ ᠨᠡᠭᠦᠷᠡᠰᠦ ᠴᠠᠭᠢᠯᠭᠠᠨ ᠤ ᠪᠠᠭᠲᠠᠭᠠᠮᠵᠢ ᠶᠢᠨ ᠴᠠᠭᠢᠯᠭᠠᠨ ᠤ ᠦᠨ᠎ᠡ ᠶᠢᠨ ᠲᠣᠭᠲᠠᠴᠠ ᠶᠢ ᠬᠡᠷᠡᠭᠵᠢᠭᠦᠯᠵᠦ᠂ ᠰᠢᠨ᠎ᠡ ᠭᠡᠯᠪᠡᠷᠢ ᠶᠢᠨ ᠬᠠᠳᠠᠭᠠᠯᠠᠮᠵᠢ ᠡᠨᠧᠷᠭᠢ ᠶᠢᠨ ᠦᠨ᠎ᠡ ᠪᠦᠷᠢᠯᠳᠦᠬᠦ ᠲᠣᠭᠲᠠᠴᠠ ᠶᠢ ᠰᠤᠳᠤᠯᠤᠨ ᠪᠠᠶᠢᠭᠤᠯᠤᠨ ᠪᠦᠷᠢᠨᠰᠢᠭᠦᠯᠵᠦ᠂ ᠴᠠᠭᠢᠯᠭᠠᠨ ᠤ ᠱᠠᠲᠤᠯᠢᠭ ᠦᠨ᠎ᠡ ᠶᠢᠨ ᠳᠦᠷᠢᠮ ᠪᠠ ᠴᠠᠭ ᠬᠤᠪᠢᠶᠠᠭᠰᠠᠨ ᠴᠠᠭᠢᠯᠭᠠᠨ ᠤ ᠦᠨ᠎ᠡ ᠶᠢᠨ ᠲᠦᠷᠦ ᠶᠢᠨ ᠪᠣᠳᠣᠯᠭ᠎ᠠ ᠶᠢ ᠪᠦᠷᠢᠨᠰᠢᠭᠦᠯᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠢᠯ ᠲᠦᠷᠦᠯ ᠤᠨ ᠴᠠᠭᠢᠯᠭᠠᠨ ᠤ ᠱᠠᠲᠤᠯᠢᠭ ᠦᠨ᠎ᠡ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠰᠠᠭᠤᠭᠠᠯᠢ ᠠᠷᠠᠳ ᠤᠨ ᠤᠰᠤᠨ ᠤ ᠱᠠᠲᠤᠯᠢᠭ ᠦᠨ᠎ᠡ ᠬᠠᠩᠰᠢ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤ ᠵᠢᠴᠢ ᠣᠨᠴᠠ ᠲᠥᠷᠥᠯ ᠳᠤ ᠬᠡᠷᠡᠭᠯᠡᠬᠦ ᠤᠰᠤᠨ ᠤ ᠲᠣᠭᠲᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠲᠤ ᠠᠬᠢᠭᠤᠯᠤᠨ ᠪᠤᠳᠤᠵᠤ ᠦᠨ᠎ᠡ ᠨᠡᠮᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠎ᠠ᠃ ᠣᠷᠣᠨ ᠨᠤᠲᠤᠭ ᠤᠨ ᠬᠢᠨ ᠤ ᠰᠦᠢᠳᠬᠡᠯ ᠬᠤᠷᠢᠶᠠᠬᠤ ᠵᠠᠭᠪᠤᠷ ᠢᠶᠠᠨ ᠲᠡᠭᠦᠯᠳᠡᠷᠵᠢᠭᠦᠯᠬᠦ ᠶᠢ ᠳᠡᠮᠵᠢᠵᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠦᠢᠳᠬᠡᠯ ᠬᠤᠷᠢᠶᠠᠬᠤ ᠠᠷᠭ᠎ᠠ ᠭᠡᠯᠪᠡᠷᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃    ︵ᠬᠤᠷᠢᠨ ᠨᠠᠢᠮᠠ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠵᠠᠬ᠎ᠠ ᠳᠡᠯᠭᠡᠭᠦᠷᠴᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠡᠬᠢ ᠪᠠᠶᠠᠯᠢᠭ ᠣᠷᠴᠢᠨ ᠲᠣᠭᠤᠷᠢᠨ ᠤ ᠴᠢᠬᠤᠯᠠ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠰᠢᠰᠲ᠋ᠧᠮ ᠢ ᠪᠦᠷᠢᠨᠰᠢᠭᠦᠯᠵᠦ᠂ ᠠᠷᠠᠯᠵᠢᠶ᠎ᠠ ᠶᠢᠨ ᠳᠦᠷᠢᠮ ᠤᠨ ᠵᠢᠷᠤᠮᠵᠢᠯ ᠵᠢᠴᠢ ᠳᠡᠩᠰᠡᠯᠡᠨ ᠲᠡᠮᠳᠡᠭᠯᠡᠬᠦ᠂ ᠬᠢᠮᠳᠠ ᠦᠨ᠎ᠡ ᠪᠠᠷ ᠬᠤᠳᠠᠯᠳᠤᠬᠤ᠂ ᠰᠢᠯᠵᠢᠭᠦᠯᠦᠨ ᠥᠭᠬᠦ᠂ ᠪᠠᠷᠢᠴᠠᠭᠠᠯᠠᠬᠤ ᠵᠡᠷᠭᠡ ᠢᠵᠢ ᠪᠦᠷᠢᠳᠦᠭᠦᠯᠦᠭᠰᠡᠨ ᠳᠦᠷᠢᠮ ᠢ ᠲᠡᠭᠦᠯᠳᠡᠷᠵᠢᠭᠦᠯᠦᠨ᠂ ᠡᠬᠢ ᠪᠠᠶᠠᠯᠢᠭ ᠣᠷᠴᠢᠨ ᠲᠣᠭᠤᠷᠢᠨ ᠤ ᠡᠷᠬᠡ ᠠᠰᠢᠭ ᠲᠤ ᠰᠠᠭᠤᠷᠢᠯᠠᠭᠰᠠᠨ ᠪᠡᠯᠡ ᠬᠤᠷᠠᠮᠳᠤᠭᠤᠯᠬᠤ ᠪᠠᠭᠠᠵᠢ ᠶᠢ ᠰᠦᠪᠡᠭᠴᠢᠯᠡᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠴᠢᠭᠯᠡᠯ ᠤᠨ ᠨᠥᠬᠦᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠦᠭᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠪᠠ ᠰᠠᠶᠢᠨ ᠳᠤᠷ᠎ᠠ ᠠᠴᠠ ᠪᠠᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠤᠯᠢ ᠲᠣᠭᠲᠠᠭᠠᠯ ᠳᠦᠷᠢᠮ ᠢ ᠪᠦᠷᠢᠨᠰᠢᠭᠦᠯᠦᠨ᠂ ᠠᠷᠠᠯᠵᠢᠶᠠᠨ ᠤ ᠠᠵᠢᠯ ᠲᠦᠷᠦᠯ ᠤᠨ ᠬᠡᠪᠴᠢᠶ᠎ᠡ ᠶᠢ ᠴᠠᠭ ᠲᠤᠨᠢ ᠲᠣᠬᠢᠷᠠᠭᠤᠯᠤᠨ ᠡᠮᠬᠢ ᠵᠢᠷᠤᠮ ᠲᠠᠢ ᠪᠠᠷ ᠥᠷᠭᠡᠳᠬᠡᠨ᠎ᠡ᠃ ᠪᠣᠬᠢᠷᠳᠤᠯ ᠦᠭᠡᠢ ᠴᠠᠭᠢᠯᠭᠠᠨ ᠬᠦᠴᠦᠨ ᠤ ᠦᠨᠡᠮᠯᠡᠯ ᠤᠨ ᠠᠷᠠᠯᠵᠢᠶᠠᠨ ᠤ ᠳᠦᠷᠢᠮ ᠢ ᠲᠡᠭᠦᠯᠳᠡᠷᠵᠢᠭᠦᠯᠵᠦ᠂ ᠪᠣᠬᠢᠷᠳᠤᠯ ᠦᠭᠡᠢ ᠴᠠᠭᠢᠯᠭᠠᠨ᠂ ᠪᠣᠬᠢᠷᠳᠤᠯ ᠦᠭᠡᠢ ᠦᠨᠡᠮᠯᠡᠯ᠂ ᠨᠡᠭᠦᠷᠡᠰᠦᠲᠥ᠋ᠷᠥᠭᠴᠢ ᠶᠢᠨ ᠠᠷᠠᠯᠵᠢᠶ᠎ᠠ ᠵᠡᠷᠭᠡ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢᠨ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃    ︵ᠬᠤᠷᠢ ᠶᠢᠰᠦ︶ ᠪᠣᠬᠢᠷᠳᠤᠯ ᠦᠭᠡᠢ ᠬᠥᠭᠵᠢᠯᠲᠡ ᠶᠢᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠵᠤ᠂ ᠰᠠᠭᠤᠷᠢ ᠨᠡᠶᠢᠳᠡᠮ ᠬᠡᠷᠡᠭᠯᠡᠬᠦ ᠪᠠᠷᠢᠮᠵᠢᠶ᠎ᠠ ᠵᠢᠴᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢ ᠠᠷᠢᠯᠭᠠᠬᠤ ᠬᠤᠯᠪᠣᠭᠳᠠᠯ ᠪᠦᠬᠦᠢ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠪᠠ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠣᠭᠠᠴᠠᠭ᠎ᠠ ᠬᠢᠬᠦ᠂ ᠮᠡᠳᠡᠭᠦᠯᠬᠦ᠂ ᠬᠢᠨᠠᠨ ᠪᠠᠶᠢᠴᠠᠭᠠᠬᠤ ᠵᠡᠷᠭᠡ ᠪᠠᠷᠢᠮᠵᠢᠶ᠎ᠠ ᠶᠢ ᠲᠣᠭᠲᠠᠭᠠᠨ᠎ᠠ᠃ ᠡᠨᠧᠷᠭᠢ ᠠᠷᠪᠢᠯᠠᠬᠤ ᠪᠠᠷᠢᠮᠵᠢᠶ᠎ᠠ ᠶᠢ ᠰᠢᠨᠡᠳᠬᠡᠨ ᠲᠡᠰ ᠳᠡᠪᠰᠢᠭᠦᠯᠬᠦ ᠶᠢ ᠲᠦᠷᠭᠡᠳᠬᠡᠵᠦ᠂ ᠭᠤᠣᠯᠳᠠᠯᠭ᠎ᠠ ᠲᠠᠢ ᠦᠢᠯᠡᠳᠬᠦᠨ ᠤ ᠡᠨᠧᠷᠭᠢ ᠶᠢᠨ ᠬᠤᠷᠣᠭᠳᠠᠭᠤᠯᠤᠯ ᠤᠨ ᠬᠢᠵᠠᠭᠠᠷ ᠲᠤᠭ᠎ᠠ ᠶᠢᠨ ᠱᠠᠭᠠᠷᠳᠠᠯᠭ᠎ᠠ ᠶᠢ ᠳᠡᠭᠡᠭᠰᠢᠯᠡᠭᠦᠯᠦᠨ᠂ ᠡᠨᠧᠷᠭᠢ ᠶᠢᠨ ᠬᠤᠷᠣᠭᠳᠠᠭᠤᠯᠤᠯ ᠤᠨ ᠬᠢᠵᠠᠭᠠᠷ ᠲᠤᠭ᠎ᠠ ᠶᠢᠨ ᠪᠠᠷᠢᠮᠵᠢᠶ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠳᠠᠭᠢᠨ ᠡᠭᠦᠰᠴᠦ ᠪᠤᠯᠬᠤ ᠡᠨᠧᠷᠭᠢ ᠶᠢᠨ ᠪᠠᠷᠢᠮᠵᠢᠶ᠎ᠠ ᠶᠢᠨ ᠰᠢᠰᠲ᠋ᠧᠮ ᠪᠠ ᠠᠵᠤ ᠦᠢᠯᠡᠳᠪᠦᠷᠢ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠰᠤᠲᠥ᠋ᠷᠥᠭᠴᠢ ᠡᠨᠧᠷᠭᠢ ᠶᠢ ︽ᠦᠢᠯᠡᠳᠴᠦ ᠬᠠᠳᠠᠭᠠᠯᠠᠵᠤ ᠲᠡᠭᠡᠭᠡᠪᠦᠷᠢᠯᠡᠵᠦ ᠬᠡᠷᠡᠭᠯᠡᠬᠦ︾ ᠪᠠᠷᠢᠮᠵᠢᠶ᠎ᠠ ᠶᠢ ᠪᠠᠶᠢᠭᠤᠯᠤᠨ ᠪᠦᠷᠢᠨᠰᠢᠭᠦᠯᠦᠨ᠎ᠡ᠃    ᠠᠷᠪᠠᠨ ᠨᠢᠭᠡ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠨ᠎ᠠ    ︵ᠭᠤᠴᠢ︶ ᠪᠦᠭᠦ ᠪᠥᠮᠪᠥᠷᠴᠡᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠬᠢᠴᠠ ᠳᠤ ᠣᠷᠣᠯᠴᠠᠨ᠎ᠠ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ᠂ ᠲᠠᠯᠠᠢ ᠲᠠᠩᠭᠢᠰ ᠤᠨ ᠪᠣᠬᠢᠷᠳᠤᠯ ᠢ ᠵᠠᠰᠠᠬᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ᠂ ᠰᠦᠯᠢᠶᠥᠦ ᠶᠢᠨ ᠪᠣᠬᠢᠷᠳᠤᠯ ᠢ ᠵᠠᠰᠠᠬᠤ ᠵᠡᠷᠭᠡ ᠬᠦᠷᠢᠶ᠎ᠡ ᠴᠠᠷᠠᠭ᠎ᠠ ᠳᠠᠬᠢ ᠤᠯᠠᠨ ᠤᠯᠤᠰ ᠤᠨ ᠳᠦᠷᠢᠮ ᠢ ᠲᠣᠭᠲᠠᠭᠠᠬᠤ ᠳᠤ ᠢᠳᠡᠪᠬᠢᠲᠡᠢ ᠣᠷᠣᠯᠴᠠᠵᠤ᠂ ᠲᠥᠪ ᠭᠤᠣᠯᠴᠢ ᠵᠦᠢ ᠵᠣᠬᠢᠰᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠦᠭᠦ ᠪᠥᠮᠪᠥᠷᠴᠡᠭ ᠤᠨ ᠣᠷᠴᠢᠨ ᠲᠣᠭᠤᠷᠢᠨ ᠠᠭᠤᠷ ᠠᠮᠢᠰᠬᠤᠯ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠵᠢᠴᠢ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠢᠳᠠᠯ ᠤᠨ ᠢᠶᠠᠨ ᠬᠢᠷᠢ ᠪᠠᠷ ᠬᠥᠭᠵᠢᠵᠦ ᠪᠠᠶᠢᠭ᠎ᠠ ᠤᠯᠤᠰ ᠤᠳ ᠲᠤ ᠳᠡᠮᠵᠢᠯᠭᠡ ᠬᠠᠩᠭᠠᠨ᠎ᠠ᠃    ︵ᠭᠤᠴᠢᠨ ᠨᠢᠭᠡ︶ ᠲᠥᠷᠥ ᠶᠢᠨ ᠪᠣᠳᠣᠯᠭ᠎ᠠ ᠶᠢᠨ ᠰᠣᠯᠢᠯᠴᠠᠭ᠎ᠠ ᠪᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠠᠨ ᠲᠠᠯᠠᠲᠤ ᠪᠠ ᠬᠤᠶᠠᠷ ᠲᠠᠯᠠᠲᠤ ᠶᠠᠷᠢᠯᠴᠠᠭ᠎ᠠ ᠬᠠᠮᠲᠤᠷᠠᠯᠴᠠᠭ᠎ᠠ ᠶᠢᠨ ᠠᠷᠭ᠎ᠠ ᠵᠠᠮ ᠢ ᠥᠷᠭᠡᠳᠬᠡᠵᠦ᠂ ᠪᠣᠬᠢᠷᠳᠤᠯ ᠦᠭᠡᠢ ᠬᠥᠭᠵᠢᠯᠲᠡ ᠶᠢᠨ ᠬᠦᠷᠢᠶ᠎ᠡ ᠴᠠᠷᠠᠭ᠎ᠠ ᠳᠠᠬᠢ ᠤᠯᠠᠨ ᠲᠠᠯᠠᠲᠤ ᠬᠠᠮᠲᠤᠷᠠᠯᠴᠠᠭᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠤᠭᠰᠠᠨ ᠦᠷ᠎ᠡ ᠪᠦᠲᠦᠮᠵᠢ ᠶᠢ ᠶᠡᠭᠡ ᠪᠠᠷ ᠤᠬᠠᠭᠤᠯᠵᠤ᠂ ᠤᠯᠠᠨ ᠤᠯᠤᠰ ᠤᠨ ᠲᠤᠷᠰᠢᠯᠭ᠎ᠠ ᠪᠠᠷ ᠢᠳᠡᠪᠬᠢᠲᠡᠢ ᠲᠣᠯᠢ ᠪᠣᠯᠭᠠᠨ᠎ᠠ᠃ ᠪᠣᠬᠢᠷᠳᠤᠯ ᠦᠭᠡᠢ ᠪᠡᠯᠡ ᠣᠷᠣᠭᠤᠯᠤᠯᠲᠠ ᠪᠠ ᠠᠷᠠᠯᠵᠢᠶᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ︽ᠪᠣᠬᠢᠷᠳᠤᠯ ᠦᠭᠡᠢ ᠲᠣᠷᠭᠠᠨ ᠵᠠᠮ︾᠎ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠤᠯᠪᠣᠭᠳᠠᠯ ᠪᠦᠬᠦᠢ ᠤᠯᠤᠰ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠢᠯᠢ ᠶᠢᠨ ᠭᠠᠳᠠᠨᠠᠬᠢ ᠲᠥᠷᠥᠯ ᠵᠦᠢᠯ ᠤᠨ ᠣᠷᠴᠢᠨ ᠲᠣᠭᠤᠷᠢᠨ ᠤ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠦᠢᠯᠡᠳᠬᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ ᠶᠢᠨ ᠲᠤᠬᠠᠢ ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠠᠳᠠᠭᠠᠳᠤ ᠶᠢᠨ ᠬᠢᠨ ᠲᠠᠢ ᠡᠷᠳᠡᠮ ᠰᠢᠨᠵᠢᠯᠡᠭᠡᠨ ᠤ ᠰᠣᠯᠢᠯᠴᠠᠭ᠎ᠠ ᠥᠷᠨᠢᠭᠦᠯᠵᠦ᠂ ᠤᠯᠠᠨ ᠤᠯᠤᠰ ᠤᠨ ᠬᠠᠮ ᠰᠢᠨᠵᠢᠯᠡᠬᠦ ᠤᠬᠠᠭᠠᠨ ᠤ ᠢᠨᠵᠧᠨᠧᠷᠢᠩ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ ᠪᠠᠶᠢᠬᠤ ᠪᠠᠷᠢᠮᠵᠢᠶ᠎ᠠ ᠬᠢᠭᠡᠳ ᠬᠢᠷᠢ ᠲᠡᠩᠴᠡᠯᠲᠡ ᠶᠢ ᠦᠨᠡᠯᠡᠨ ᠲᠣᠭᠲᠠᠭᠠᠬᠤ ᠣᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠣᠯᠠᠨ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠳᠤ ᠣᠷᠣᠯᠴᠠᠵᠤ᠂ ᠭᠤᠣᠯ ᠪᠤᠯᠬᠤ ᠠᠷᠠᠯᠵᠢᠶᠠᠨ ᠤ ᠬᠠᠨᠢᠲᠠᠨ ᠯᠤᠭ᠎ᠠ ᠨᠡᠭᠦᠷᠡᠰᠦᠲᠥ᠋ᠷᠥᠭᠴᠢ ᠶᠢᠨ ᠤᠯᠠ ᠮᠥᠷ ᠵᠡᠷᠭᠡ ᠳᠦᠷᠢᠮ ᠤᠨ ᠲᠠᠯ᠎ᠠ ᠪᠠᠷ ᠵᠣᠯᠭᠠᠯᠳᠤᠭᠤᠯᠤᠨ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃    ᠠᠷᠪᠠᠨ ᠬᠤᠶᠠᠷ᠂ ᠵᠣᠬᠢᠶᠠᠨ ᠪᠠᠶᠢᠭᠤᠯᠤᠨ ᠬᠡᠷᠡᠭᠵᠢᠭᠦᠯᠬᠦ    ︵ᠭᠤᠴᠢᠨ ᠬᠤᠶᠠᠷ︶ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠨᠠᠮ ᠤᠨ ᠤᠳᠤᠷᠢᠳᠤᠯᠭ᠎ᠠ ᠶᠢ ᠠᠵᠢᠯ ᠤᠨ ᠪᠦᠭᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠠᠬᠢ ᠭᠤᠣᠯᠳᠠᠯᠭ᠎ᠠ ᠲᠠᠢ ᠡᠭᠦᠷᠭᠡ ᠪᠠᠨ ᠲᠣᠳᠣᠷᠬᠠᠶᠢᠯᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠨᠢᠭᠡᠴᠢ᠂ ᠠᠷᠠᠳ ᠤᠨ ᠪᠦᠯᠭᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠣᠰ ᠬᠦᠷᠢᠶ᠎ᠡ ᠴᠠᠷᠠᠭ᠎ᠠ ᠳᠠᠬᠢ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠪᠣᠯᠭᠠᠨ ᠪᠦᠭᠦ ᠲᠠᠯ᠎ᠠ ᠪᠠᠷ ᠬᠤᠪᠢᠷᠠᠭᠤᠯᠬᠤ ᠰᠢᠨ᠎ᠡ ᠲᠣᠭᠲᠠᠴᠠ ᠶᠢ ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠶᠡᠷᠦᠩᠬᠡᠶᠢᠯᠡᠨ ᠦᠨᠡᠯᠡᠵᠦ ᠬᠢᠨᠠᠨ ᠰᠢᠯᠭᠠᠬᠤ ᠳᠦᠷᠢᠮ ᠢ ᠲᠣᠭᠲᠠᠭᠠᠨ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠢᠨᠠᠨ ᠰᠢᠯᠭᠠᠵᠤ᠂ ᠦᠨᠡᠯᠡᠵᠦ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠭᠡ ᠶᠢ ᠴᠢᠩᠭᠠᠳᠬᠠᠬᠤ ᠬᠡᠷᠡᠭᠲᠡᠢ᠃ ᠴᠢᠬᠤᠯᠠ ᠪᠠᠶᠢᠳᠠᠯ ᠳᠤ ᠴᠠᠭ ᠲᠤᠬᠠᠢ ᠳᠤᠨᠢ ᠲᠡᠰ ᠳᠠᠷᠠᠭᠠᠯᠠᠯ ᠶᠣᠰᠣᠭᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃    ︵ᠭᠤᠴᠢᠨ ᠭᠤᠷᠪᠠ︶ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ ᠨᠢᠭᠡᠴᠢ ᠠᠮᠢ ᠠᠬᠤᠢ ᠣᠷᠴᠢᠨ ᠲᠣᠭᠤᠷᠢᠨ ᠤ ᠬᠠᠤᠯᠢ ᠶᠢᠨ ᠪᠢᠴᠢᠭ ᠪᠠ ᠡᠨᠧᠷᠭᠢ ᠶᠢᠨ ᠬᠠᠤᠯᠢ᠂ ᠡᠨᠧᠷᠭᠢ ᠶᠢ ᠠᠷᠪᠢᠯᠠᠬᠤ ᠬᠠᠤᠯᠢ᠂ ᠴᠠᠭᠢᠯᠭᠠᠨ ᠬᠦᠴᠦᠨ ᠤ ᠬᠠᠤᠯᠢ᠂ ᠨᠡᠭᠦᠷᠡᠰᠦᠨ ᠤ ᠬᠠᠤᠯᠢ᠂ ᠳᠠᠭᠢᠨ ᠡᠭᠦᠰᠴᠦ ᠪᠤᠯᠬᠤ ᠡᠨᠧᠷᠭᠢ ᠶᠢᠨ ᠬᠠᠤᠯᠢ᠂ ᠡᠷᠭᠢᠯᠲᠡᠲᠦ ᠠᠵᠤ ᠠᠬᠤᠢ ᠶᠢ ᠠᠬᠢᠭᠤᠯᠬᠤ ᠬᠠᠤᠯᠢ ᠵᠡᠷᠭᠡ ᠬᠠᠤᠯᠢ ᠲᠣᠭᠲᠠᠭᠠᠯ ᠢ ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠠᠵᠢᠯ ᠢ ᠲᠦᠷᠭᠡᠯᠡᠨ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠤᠰᠬᠠᠢ ᠬᠠᠤᠯᠢ ᠴᠠᠭᠠᠵᠠ ᠶᠢ ᠰᠤᠳᠤᠯᠤᠨ ᠲᠣᠭᠲᠠᠭᠠᠬᠤ ᠬᠡᠷᠡᠭᠲᠡᠢ᠃ ᠢᠷᠭᠡᠨ ᠤ ᠬᠠᠤᠯᠢ ᠶᠢᠨ ᠪᠢᠴᠢᠭ ᠤᠨ ᠪᠣᠬᠢᠷᠳᠤᠯ ᠦᠭᠡᠢ ᠪᠠᠶᠢᠬᠤ ᠵᠠᠷᠴᠢᠮ ᠢ ᠨᠠᠶᠢᠳᠠᠪᠤᠷᠢᠵᠢᠭᠤᠯᠵᠤ᠂ ᠢᠷᠭᠡᠨ ᠤ ᠬᠡᠷᠡᠭ ᠤᠨ ᠭᠤᠣᠯ ᠴᠣᠭᠴᠠ ᠶᠢᠨ ᠡᠨᠧᠷᠭᠢ ᠡᠬᠢ ᠪᠠᠶᠠᠯᠢᠭ ᠢ ᠠᠷᠪᠢᠯᠠᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠬᠥᠲᠥᠯᠥᠨ ᠵᠢᠯᠣᠭᠤᠳᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠯᠤᠭ᠎ᠠ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠬᠤᠬᠢᠷᠠᠯ ᠤᠨ ᠲᠥᠯᠥᠪᠦᠷᠢ ᠶᠢᠨ ᠵᠠᠷᠭᠤ᠂ ᠠᠮᠢ ᠠᠬᠤᠢ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠬᠦᠷᠢᠶ᠎ᠡ ᠴᠠᠷᠠᠭ᠎ᠠ ᠳᠠᠬᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠬᠠᠤᠯᠢ ᠶᠣᠰᠣᠭᠠᠷ ᠥᠷᠨᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠤᠬᠢᠷᠠᠯ ᠤᠨ ᠲᠥᠯᠥᠪᠦᠷᠢ ᠥᠭᠬᠦ ᠪᠠ ᠵᠠᠰᠠᠨ ᠰᠡᠷᠭᠦᠭᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃    ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ    
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号