ᠰᠠᠶᠢᠨ ᠴᠢᠮᠡᠭᠡ︕ ᠬᠠᠶᠢᠷᠤᠪ ᠤᠨ ᠲᠤᠬᠤᠢ ᠶᠢᠨ ᠪᠠᠰᠠ ᠨᠢᠭᠡᠨ ᠭᠤᠣᠯᠳᠠᠯᠭ᠎ᠠ ᠲᠠᠢ ᠲᠦᠷᠦᠯ ᠵᠦᠢᠯ ᠎ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2024/8/19
    8 ᠰᠠᠷ᠎ᠠ ᠶᠢᠨ 16᠎ ᠤ ᠡᠳᠦᠷ᠂ ᠦᠬᠠᠶ ᠬᠤᠲᠠ ᠶᠢᠨ ᠶᠢᠦ ᠢ ᠨᠠᠷᠢᠯᠢᠭ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠯ ᠳᠤ 1000 ᠲᠦᠮᠡᠨ ᠲᠣᠨ ᠪᠣᠬᠢᠷᠲᠤᠯ ᠥᠬᠡᠶ ᠨᠡᠭᠦᠷᠡᠰᠦ ᠤᠬᠢᠶᠠᠬᠤ ᠠᠷᠠᠯᠵᠢᠶᠠᠨ ᠤ ᠠᠵᠤ ᠤᠶᠢᠯᠡᠰ ᠤᠨ ᠬᠦᠷᠢᠶᠡᠯᠡᠩ ᠤᠨ ᠲᠥᠷᠥᠯ ᠵᠤᠶᠢᠯ ᠤᠨ ᠠᠵᠢᠯ ᠡᠬᠢᠯᠡᠭᠦᠯᠬᠦ ᠶᠣᠰᠣᠯᠠᠯ ᠢ ᠡᠷᠭᠢᠯᠡᠪᠡ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠼᠦᠢ ᠬᠤᠩ ᠪᠥᠸᠧ᠂ ᠦᠬᠠᠢ ᠬᠤᠳᠠ ᠶᠢᠨ ᠡᠨᠧᠷᠭᠢ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠡᠳ᠋ ᠳᠠᠷᠤᠭ᠎ᠠ ᠼᠦᠢ ᡁᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠪᠠᠢ ᡁᠢ ᠯᠦᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᠬᠠᠢ᠂ ᠦᠬᠠᠢ ᠶᠢᠨ ᠬᠠᠶᠢᠷᠤᠪ ᠤᠨ ᠲᠤᠬᠤᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠾᠧ ᠹᠧᠩ᠂ ᠶᠢᠦ ᠢ ᠨᠠᠷᠢᠯᠢᠭ ᠨᠡᠭᠦᠷᠡᠰᠦᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠭᠧ ᠵᠢᠶᠠᠨ ᠰᠢᠨ ᠵᠢᠴᠢ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠷᠢᠶ᠎ᠠ ᠣᠷᠣᠨ ᠤ ᠡᠯ᠎ᠡ ᠨᠡᠭᠦᠷᠡᠰᠦᠨ ᠠᠭᠤᠷᠬᠠᠢ᠂ ᠨᠡᠭᠦᠷᠡᠰᠦ ᠤᠬᠢᠶᠠᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃
640.jpg   
    ᠤᠢᠢᠷ᠎ᠠ ᠶᠢᠨ ᠵᠢᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠦᠷᠭᠦᠯᠵᠢᠯᠡᠨ ᠲᠦᠷᠭᠡᠳᠴᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠪᠴᠢᠶ᠎ᠡ ᠲᠠᠰᠤᠷᠠᠯᠳᠠ ᠦᠭᠡᠢ ᠪᠤᠵᠠᠭᠠᠶᠢᠷᠠᠪᠠ᠃ ᠦᠬᠠᠢ ᠬᠤᠳᠠ ᠶᠢᠨ ᠶᠢᠦ ᠢ ᠨᠠᠷᠢᠯᠢᠭ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠭᠠᠵᠠᠷ ᠣᠷᠣᠨ ᠤ ᠲᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠬᠠᠶᠢᠷᠤᠪ ᠤᠨ ᠲᠤᠬᠤᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠣᠷᠣᠨ ᠨᠤᠲᠤᠭ ᠤᠨ ᠭᠠᠶᠢᠯᠢ ᠲᠠᠲᠠᠪᠤᠷᠢ ᠵᠡᠷᠭᠡ ᠲᠠᠯ᠎ᠠ ᠪᠠᠷ ᠴᠥᠮ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠤ ᠬᠠᠮᠲᠤ ᠦᠬᠠᠢ ᠬᠤᠳᠠ ᠵᠢᠴᠢ ᠬᠠᠶᠢᠷᠤᠪ ᠤᠨ ᠲᠤᠬᠤᠢ ᠲᠣᠭᠤᠷᠢᠭ ᠤᠨ ᠲᠦᠷᠦ ᠶᠢᠨ ᠪᠤᠳᠤᠯᠭ᠎ᠠ ᠪᠣᠯᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠢᠳᠡᠪᠬᠢᠲᠡᠢ ᠴᠤᠤᠷᠢᠶᠠᠲᠤᠨ ᠲᠠᠭᠠᠵᠤ᠂ ᠠᠵᠤ ᠦᠢᠯᠡᠰ ᠤᠨ ᠵᠢᠱᠢᠶ᠎ᠡ ᠦᠵᠡᠭᠦᠯᠬᠦ ᠲᠠᠯ᠎ᠠ ᠪᠠᠷ ᠬᠦᠳᠦᠯᠦᠨ ᠳᠠᠭᠠᠭᠤᠯᠬᠤ ᠦᠢᠯᠡᠳᠦᠯ ᠦᠵᠡᠭᠦᠯᠪᠡ᠃ ᠠᠵᠤ ᠤᠶᠢᠯᠡᠰ ᠤᠨ ᠬᠦᠷᠢᠶᠡᠯᠡᠩ ᠤᠨ ᠲᠥᠷᠥᠯ ᠵᠤᠶᠢᠯ ᠬᠠᠶᠢᠷᠤᠪ ᠤᠨ ᠲᠣᠬᠤᠶ ᠲᠣᠭᠤᠷᠢᠭ ᠤᠨ ᠺᠠᠪᠦ᠋ᠴᠢ ᠶᠢᠨ ᠶᠢᠤ ᠢ ᠴᠡᠪᠡᠷ ᠨᠡᠭᠦᠷᠡᠰᠦᠨ ᠤ ᠤᠶᠢᠯᠡᠤᠡᠪᠤᠷᠢ ᠶᠢᠨ ᠲᠣᠭᠤᠷᠢᠭ ᠤᠨ ᠪᠠᠷᠠᠭᠤᠨ ᠲᠠᠯ᠎ᠠ ᠳᠤ ᠪᠠᠶᠢᠷᠢᠯᠠᠵᠤ᠂ 343.49 ᠮᠥ ᠲᠠᠯᠠᠪᠠᠶ ᠡᠵᠡᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 8.8 ᠳ᠋ᠦᠩᠰᠢᠭᠤᠷ ᠲᠥᠭᠦᠷᠢᠭ ᠲᠤ ᠬᠦᠷᠴᠦ᠂ 120 ᠬᠥᠮᠦᠨ ᠳᠤ ᠠᠵᠢᠯ ᠣᠯᠭᠤᠪᠠ᠃ ᠲᠥᠷᠥᠯ ᠵᠤᠶᠢᠯ ᠪᠠᠶᠢᠭᠤᠯᠤᠭᠳᠠᠭᠰᠠᠨ ᠤ ᠳᠠᠷᠠᠭ᠎ᠠ ᠳᠡᠭᠡᠳᠦ ᠤᠷᠤᠰᠬᠠᠯ ᠤᠨ ᠨᠡᠭᠦᠷᠡᠰᠦᠨ ᠠᠭᠤᠷᠬᠠᠶ᠂ ᠳᠣᠤᠷᠠᠳᠤ ᠤᠷᠤᠰᠬᠠᠯ ᠤᠨ ᠬᠡᠤᠷᠰᠢᠭᠦᠯᠦᠯᠲᠡ ᠯᠦᠭᠡ ᠡᠭᠴᠡ ᠢᠵᠢ ᠪᠥᠷᠢᠳᠦᠭᠦᠯᠦᠭᠰᠡᠨ᠂ ᠵᠠᠬᠢᠶᠠᠯᠠᠨ ᠤᠶᠢᠯᠡᠤᠡᠴᠤ ᠨᠡᠭᠦᠷᠡᠰᠦ ᠲᠣᠬᠢᠷᠠᠭᠤᠯᠬᠤ ᠶᠢᠨ ᠬᠠᠮᠲᠤ ᠪᠦᠰᠡ ᠪᠠᠷ ᠲᠡᠭᠡᠭᠡᠪᠦᠷᠢᠯᠡᠬᠦ ᠰᠢᠰᠲ᠋ᠧᠮ ᠢ ᠢᠵᠢ ᠪᠥᠷᠢᠳᠦᠭᠦᠯᠦᠨ ᠪᠠᠶᠢᠭᠤᠯᠵᠤ᠂ ᠲᠦᠭᠦᠬᠡᠶ ᠨᠡᠭᠦᠷᠡᠰᠦ ᠶᠢ ᠴᠡᠴᠡᠷᠯᠢᠭ ᠲᠤ ᠣᠷᠣᠭᠤᠯᠵᠤ ᠡᠳ᠋ᠰᠢᠭᠦᠯᠬᠦ ᠠᠴᠠ ᠤᠬᠢᠶᠠᠵᠤ ᠰᠢᠯᠢᠬᠦ ᠤᠶᠢᠯᠡᠤᠡᠭᠦᠨ ᠢ ᠲᠡᠮᠦᠷ ᠵᠠᠮ ᠤᠨ ᠲᠤᠰᠬᠠᠶ ᠱᠤᠭᠤᠮ ᠳᠤ ᠬᠦᠷᠭᠡᠵᠦ᠂ ᠪᠥᠬᠦ ᠶᠠᠪᠤᠴᠠ ᠳᠤ ᠪᠦᠰᠡ ᠳᠠᠮᠵᠢᠯᠭ᠎ᠠ ᠪᠠᠷ ᠳᠠᠮᠵᠢᠭᠤᠯᠤᠨ᠎ᠠ᠃ ᠪᠠᠷᠠᠭᠠᠨ ᠤ ᠭᠦᠢᠯᠭᠡᠭᠡᠨ ᠤ ᠵᠠᠭᠪᠤᠷ ᠲᠤ ᠲᠡᠮᠦᠷ ᠵᠠᠮ ᠤᠨ ᠲᠡᠭᠡᠭᠡᠪᠦᠷᠢ ᠪᠠᠷ ᠭᠤᠣᠯ ᠪᠣᠯᠭᠠᠵᠤ᠂ ᠵᠠᠰᠠᠮᠠᠯ ᠵᠠᠮ ᠤᠨ ᠲᠡᠭᠡᠭᠡᠪᠦᠷᠢ ᠪᠠᠷ ᠨᠥᠬᠦᠪᠥᠷᠢ ᠪᠣᠯᠭᠠᠬᠤ ᠠᠷᠭ᠎ᠠ ᠮᠠᠶ᠋ᠢᠭ ᠢ ᠠᠪᠴᠤ ᠪᠠᠶᠢᠭᠠᠳ ᠲᠡᠭᠡᠭᠡᠪᠦᠷᠢ ᠬᠢᠬᠦ ᠬᠡᠷᠡᠭᠲᠡᠶ᠃
640 (1).jpg   
    ᠨᠡᠭᠦᠷᠡᠰᠦ ᠤᠬᠢᠶᠠᠬᠤ ᠠᠵᠢᠯ ᠲᠥᠷᠥᠯ ᠪᠣᠯ ᠦᠬᠠᠶ ᠬᠤᠲᠠ ᠶᠢᠨ GDP᠎ ᠶᠢᠨ ᠭᠤᠤᠯᠳᠠᠯᠭ᠎ᠠ ᠲᠠᠢ ᠠᠵᠤ ᠦᠢᠯᠡᠰ ᠮᠥᠨ᠂ ᠨᠡᠭᠦᠷᠡᠰᠦ ᠬᠡᠦᠷᠰᠢᠭᠦᠯᠬᠦ ᠠᠵᠤ ᠦᠢᠯᠡᠰ ᠤᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠲᠥᠪ ᠭᠤᠭᠴᠤᠭ᠎ᠠ ᠮᠥᠨ᠂ ᠲᠣᠮᠣ ᠬᠡᠯᠪᠡᠷᠢ ᠶᠢᠨ ᠪᠣᠳᠠᠲᠤ ᠬᠦᠴᠦᠨ ᠲᠠᠢ ᠠᠵᠤ ᠠᠬᠤᠶᠢᠯᠠᠯ ᠢ ᠪᠤᠶᠢᠵᠢᠭᠤᠯᠤᠨ ᠮᠡᠨᠳᠦᠯᠡᠭᠰᠡᠨ ᠠᠵᠤ ᠦᠢᠯᠡᠰ ᠤᠨ ᠥᠯᠥᠭᠡᠶ ᠮᠥᠨ᠃ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠡᠳ᠋ᠰᠢᠭᠦᠯᠬᠦ ᠠᠷᠠᠯᠵᠢᠶᠠᠨ ᠤ ᠠᠵᠤ ᠤᠶᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠡᠭᠦᠷᠡᠰᠦ ᠤᠬᠢᠶᠠᠵᠤ ᠰᠢᠯᠢᠬᠦ ᠠᠵᠢᠯ ᠲᠥᠷᠥᠯ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠢᠯ ᠲᠥᠷᠥᠯ ᠤᠨ ᠡᠮᠬᠢ ᠳᠢᠭᠯᠢᠮ ᠢ ᠵᠢᠷᠤᠮᠵᠢᠭᠤᠯᠤᠨ᠂ ᠠᠵᠢᠯ ᠲᠥᠷᠥᠯ ᠤᠨ ᠲᠥᠪᠯᠡᠷᠡᠯ ᠤᠨ ᠬᠡᠮᠵᠢᠶ᠎ᠡ ᠪᠠ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠠᠰ ᠳᠡᠪᠰᠢᠬᠦ ᠶᠢ ᠠᠬᠢᠭᠤᠯᠤᠨ᠂ ᠠᠵᠢᠯ ᠲᠥᠷᠥᠯ ᠤᠨ ᠠᠰᠢᠭ ᠬᠤᠨᠵᠢᠪᠣᠷᠢ ᠳᠣᠤᠷ᠎ᠠ᠂ ᠥᠷᠢᠰᠦᠯᠳᠦᠬᠦ ᠬᠦᠴᠦᠨ ᠪᠠᠭᠤᠷᠠᠶ᠂ ᠦᠭᠡ ᠬᠡᠯᠡᠬᠦ ᠡᠷᠬᠡ ᠪᠠᠭ᠎ᠠ ᠵᠡᠷᠭᠡ ᠲᠣᠪᠤᠶᠢᠮ᠎ᠠ ᠠᠰᠠᠭᠤᠳᠠᠯ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠨᠡᠭᠦᠷᠡᠰᠦ ᠤᠬᠢᠶᠠᠬᠤ ᠠᠵᠢᠯ ᠲᠥᠷᠥᠯ ᠢ ᠨᠠᠩ ᠥᠨᠳᠥᠷ ᠲᠠᠰ ᠳᠠᠪᠬᠤᠷᠭ᠎ᠠ᠂ ᠨᠠᠩ ᠥᠨᠳᠥᠷ ᠬᠢᠷᠢ ᠲᠦᠪᠰᠢᠨ ᠳᠤ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠶᠢ ᠠᠬᠢᠭᠤᠯᠵᠤ᠂ ᠬᠠᠶᠢᠷᠤᠪ ᠤᠨ ᠲᠣᠬᠤᠶ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号