ᠫᠠᠶᠢᠰᠠ ᠰᠡᠭᠦᠪᠡ︕ ᠬᠠᠶᠢᠷᠤᠪ ᠤᠨ ᠲᠣᠬᠤᠢ ᠲᠣᠭᠤᠷᠢᠭ ᠤᠨ ᠵᠠᠯᠠᠭᠤᠴᠤᠳ ᠤᠨ ᠣᠷᠣᠢ ᠶᠢᠨ ᠰᠤᠷᠭᠠᠭᠤᠯᠢ ᠵᠢᠩᠬᠢᠨᠢ ᠪᠠᠷ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/8/19
    8 ᠰᠠᠷ᠎ᠠ ᠶᠢᠨ 15᠎ ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠶᠢᠷᠤᠪ ᠤᠨ ᠲᠤᠬᠤᠢ ᠲᠣᠭᠤᠷᠢᠭ ᠤᠨ ᠬᠤᠷᠢᠶ᠎ᠠ ᠠᠴᠠ ᠡᠷᠬᠢᠯᠡᠭᠰᠡᠨ ᠠᠩᠬᠠᠳᠤᠭᠠᠷ ᠬᠤᠭᠤᠴᠠᠭᠠᠨ ᠤ ᠵᠠᠯᠠᠭᠤᠴᠤᠳ ᠤᠨ ᠣᠷᠣᠢ ᠶᠢᠨ ᠰᠤᠷᠭᠠᠭᠤᠯᠢ ᠨᠢ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠵᠢᠩᠬᠢᠨᠢ ᠪᠠᠷ ᠬᠢᠴᠢᠶᠡᠯ ᠡᠬᠢᠯᠡᠪᠡ᠃ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠤ ᠸᠧᠨ ᠵᠧᠩ ᠵᠠᠯᠠᠭᠤᠴᠤᠳ ᠤᠨ ᠰᠥᠨᠢ ᠶᠢᠨ ᠰᠤᠷᠭᠠᠭᠤᠯᠢ ᠶᠢᠨ ᠫᠠᠶᠢᠰᠠ ᠶᠢ ᠰᠡᠬᠦᠭᠰᠡᠨ ᠪᠥᠭᠡᠳ ᠬᠢᠴᠢᠶᠡᠯᠯᠡᠬᠦ ᠪᠠᠭᠰᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃
    ᠣᠶᠢᠯᠠᠭᠠᠭᠰᠠᠨ ᠢᠶᠠᠷ᠂ ᠬᠠᠶᠢᠷᠤᠪ ᠤᠨ ᠲᠣᠬᠤᠶ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠵᠠᠯᠠᠭᠤᠴᠤᠳ ᠤᠨ ᠣᠷᠣᠶ ᠶᠢᠨ ᠰᠤᠷᠭᠠᠭᠤᠯᠢ 300 ᠭᠠᠷᠤᠶ ᠵᠠᠯᠠᠭᠤᠴᠤᠳ ᠢ ᠲᠠᠲᠠᠵᠤ ᠨᠡᠷ᠎ᠡ ᠮᠡᠳᠡᠭᠦᠯᠦᠨ ᠣᠷᠣᠯᠴᠠᠭᠤᠯᠵᠤ᠂ ᠵᠠᠯᠠᠭᠤᠴᠤᠳ ᠤᠨ ᠰᠥᠨᠢ ᠶᠢᠨ ᠰᠤᠷᠭᠠᠭᠤᠯᠢ ᠪᠠᠰᠠ ᠶᠤᠭ᠎ᠠ ᠶᠢᠨ ᠬᠢᠴᠢᠶᠡᠯ᠂ ᠬᠤᠸᠠᠷ ᠬᠠᠳᠬᠤᠬᠤ ᠬᠢᠴᠢᠶᠡᠯ᠂ ᠬᠡᠷᠡᠯ ᠵᠢᠷᠤᠭ ᠤᠨ ᠬᠢᠴᠢᠶᠡᠯ ᠵᠡᠷᠭᠡ ᠰᠣᠨᠢᠷᠬᠠᠯᠲᠤ ᠬᠢᠴᠢᠶᠡᠯ ᠥᠷᠨᠢᠭᠦᠯᠵᠦ᠂ ᠬᠠᠶᠢᠷᠤᠪ ᠤᠨ ᠲᠣᠬᠤᠶ ᠶᠢᠨ ᠥᠷᠭᠡᠨ ᠣᠯᠠᠨ ᠵᠠᠯᠠᠭᠤᠴᠤᠳ ᠲᠤ ᠠᠮᠢᠳᠤᠷᠠᠯ ᠢᠶᠠᠨ ᠲᠡᠭᠦᠯᠳᠡᠷᠵᠢᠭᠦᠯᠬᠦ᠂ ᠤᠷ᠎ᠠ ᠴᠢᠳᠠᠪᠤᠷᠢ ᠪᠠᠨ ᠨᠡᠮᠡᠭᠳᠡᠭᠦᠯᠬᠦ᠂ ᠨᠡᠶᠢᠭᠡᠮ ᠤᠨ ᠬᠠᠷᠢᠯᠴᠠᠭ᠎ᠠ ᠶᠢ ᠥᠷᠭᠡᠳᠬᠡᠬᠦ ᠲᠠᠪᠴᠠᠩ ᠬᠠᠩᠭᠠᠬᠤ ᠪᠣᠯᠤᠨ᠎ᠠ᠃ ᠡᠭᠦᠨ ᠤ ᠬᠠᠮᠲᠤ ᠬᠠᠶᠢᠷᠤᠪ ᠤᠨ ᠲᠤᠬᠤᠢ ᠲᠣᠭᠤᠷᠢᠭ ᠤᠨ ᠵᠠᠯᠠᠭᠤᠴᠤᠳ ᠤᠨ ᠲᠤᠰ ᠪᠡᠶ᠎ᠡ ᠶᠢᠨ ᠶᠡᠷᠦᠩᠬᠡᠶᠢᠯᠡᠭᠰᠡᠨ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠵᠤ᠂ ᠲᠤᠰ ᠪᠡᠶ᠎ᠡ ᠶᠢᠨ ᠦᠵᠡᠯ ᠰᠠᠨᠠᠭ᠎ᠠ ᠪᠠᠨ ᠦᠨᠡᠨᠬᠦ ᠳᠡᠭᠡᠭᠰᠢᠯᠡᠭᠦᠯᠵᠦ᠂ ᠲᠤᠰ ᠪᠡᠶ᠎ᠡ ᠶᠢᠨ ᠰᠡᠳᠬᠢᠬᠦᠢ ᠶᠢᠨ ᠴᠢᠳᠠᠪᠤᠷᠢ ᠪᠠᠨ ᠠᠮᠢᠳᠤᠯᠢᠭ ᠢᠶᠠᠷ ᠬᠤᠪᠢᠷᠠᠭᠤᠯᠵᠤ᠂ ᠵᠠᠯᠠᠭᠤᠴᠤᠳ ᠲᠤ ᠲᠤᠰ ᠪᠡᠶ᠎ᠡ ᠶᠢᠨ ᠤᠷ᠎ᠠ ᠴᠢᠳᠠᠪᠤᠷᠢ ᠪᠠᠨ ᠬᠥᠮᠦᠵᠢᠭᠦᠯᠵᠦ᠂ ᠠᠯᠤᠰ ᠬᠡᠳᠤ ᠶᠢᠨ ᠬᠦᠰᠡᠯᠡᠩ ᠢ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠤᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠵᠠᠰᠠᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠡᠯ᠎ᠡ ᠵᠦᠢᠯ ᠤᠨ ᠠᠵᠢᠯ ᠳᠤ ᠢᠳᠡᠪᠬᠢᠲᠡᠢ ᠣᠷᠣᠯᠴᠠᠵᠤ᠂ ᠵᠠᠯᠠᠭᠤᠴᠤᠳ ᠪᠣᠯᠤᠨ ᠨᠤᠲᠤᠭ ᠤᠰᠤᠨ ᠤ ᠪᠠᠨ ᠬᠠᠮᠲᠤ ᠶᠢᠨ ᠦᠰᠦᠨ ᠪᠤᠶᠢᠵᠢᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤᠪᠠᠷ ᠴᠣᠭᠴᠠᠯᠠᠨ᠎ᠠ᠃
640 (5).jpg   
    ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠷᠭᠦᠯᠵᠢᠯᠡᠨ ᠵᠠᠯᠠᠭᠤᠴᠤᠳ ᠲᠤ ᠦᠢᠯᠡᠴᠢᠯᠡᠬᠦ ᠭᠤᠣᠯ ᠤᠢᠢᠯᠠᠭᠠᠭᠳᠠᠬᠤᠨ ᠢ ᠵᠢᠷᠤᠮᠯᠠᠵᠤ᠂ ᠵᠠᠯᠠᠭᠤᠴᠤᠳ ᠲᠤ ᠥᠪᠡᠷ ᠢ ᠪᠠᠨ ᠢᠯᠡᠷᠡᠭᠦᠯᠬᠦ ᠤᠯᠠᠨ ᠡᠰᠢᠴᠢᠯᠡᠭᠰᠡᠨ ᠲᠠᠪᠴᠠᠩ ᠢ ᠪᠠᠶᠢᠭᠤᠯᠵᠤ ᠥᠭᠭᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号