ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/8/2
    ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ    ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠪᠣᠯ ᠪᠦᠬᠦ ᠲᠤᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠬᠠᠷᠢᠭᠤᠴᠠᠵᠤ ᠪᠠᠶᠢᠭ᠎ᠠ ᠲᠤᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠂ ᠭᠤᠤᠯ ᠡᠭᠦᠷᠭᠡ ᠬᠠᠷᠢᠭᠤᠴᠠᠯᠭ᠎ᠠ ᠪᠣᠯ᠄    ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠪᠠ ᠬᠠᠤᠯᠢ ᠶᠣᠰᠣᠭᠠᠷ ᠵᠠᠰᠠᠭ ᠶᠠᠪᠤᠭᠤᠯᠬᠤ᠂ ᠡᠷᠡᠭᠦᠦ ᠰᠢᠳᠬᠡᠯ ᠢ ᠬᠡᠷᠡᠭᠵᠢᠭᠦᠯᠬᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃    ︵ᠬᠤᠶᠠᠷ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠦᠨ᠎ᠡ᠃    ︵ᠭᠤᠷᠪᠠ︶ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠵᠤ ᠪᠠᠶᠢᠭᠠᠳ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢᠨ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠦᠬᠦᠢ  ᠰᠢᠢᠤᠡᠪᠤᠷᠢᠳᠤ ᠪᠣᠳᠣᠯᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃    ︵ᠲᠦᠷᠪᠡ︶ ᠲᠣᠭᠤᠷᠢᠭ ᠤᠨ ᠲᠣᠰ ᠱᠠᠲᠤᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠣᠭᠤᠷᠢᠭ ᠤᠨ ᠲᠣᠰ ᠱᠠᠲᠤᠨ ᠤ ᠬᠠᠤᠯᠢ ᠶᠣᠰᠣᠭᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃    ︵ᠲᠠᠪᠤ︶ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢ ᠬᠠᠷᠢᠭᠤᠴᠠᠵᠤ᠂ ᠬᠤᠲᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠪᠠ ᠪᠠᠶᠢᠷᠢᠯᠠᠭᠤᠯᠤᠨ᠎ᠠ᠃ ᠪᠥᠬᠦ ᠲᠣᠭᠤᠷᠢᠭ ᠤᠨ ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ ᠪᠣᠯᠤᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃    ︵ᠵᠢᠷᠭᠤᠭ᠎ᠠ︶ ᠠᠷᠠᠳ ᠲᠦᠮᠡᠨ ᠤ ᠣᠷᠣᠯᠴᠠᠯᠭ᠎ᠠ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠤᠨ᠎ᠠ᠃ ᠲᠣᠭᠤᠷᠢᠭ ᠤᠨ ᠲᠣᠰ ᠱᠠᠲᠤᠨ ᠤ ᠡᠶᠡᠳᠡᠭᠦᠯᠬᠦ ᠠᠵᠢᠯ᠂ ᠠᠷᠠᠳ ᠤᠨ ᠬᠠᠪᠰᠤᠷᠤᠨ ᠰᠢᠭᠦᠭᠴᠢ ᠶᠢ ᠬᠠᠮᠢᠶᠠᠷᠬᠤ ᠠᠵᠢᠯ᠂ ᠲᠥᠪᠬᠢᠨᠡᠭᠦᠯᠵᠦ ᠬᠠᠪᠰᠤᠷᠤᠨ ᠰᠤᠷᠭᠠᠬᠤ ᠠᠵᠢᠯ ᠢ ᠵᠢᠯᠣᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠤᠨ᠎ᠠ᠃    ︵ᠳᠤᠯᠤᠭ᠎ᠠ︶ ᠬᠢᠨᠠᠨ ᠬᠠᠮᠢᠶᠠᠷᠬᠤ ᠲᠣᠭᠤᠷᠢᠭ ᠤᠨ ᠲᠣᠰ ᠱᠠᠲᠤᠨ ᠤ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠵᠢᠯᠣᠭᠤᠳᠤᠨ᠎ᠠ᠃    ︵ᠨᠠᠢᠮᠠ︶ ᠲᠣᠭᠤᠷᠢᠭ ᠤᠨ ᠲᠣᠰ ᠱᠠᠲᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠲᠤᠭᠤᠷᠢᠭ ᠤᠨ ᠲᠤᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠠ ᠵᠠᠷᠭᠤ ᠬᠦᠯᠢᠶᠡᠭᠰᠡᠨ ᠬᠡᠷᠡᠭ ᠢ  ᠰᠢᠢᠤᠡᠪᠤᠷᠢᠯᠡᠬᠦ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠭᠤᠯᠵᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃    ︵ᠶᠢᠰᠦ︶ ᠲᠤᠭᠤᠷᠢᠭ ᠤᠨ ᠲᠣᠰ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ ᠪᠠ ᠦᠵᠡᠯ ᠰᠠᠨᠠᠭ᠎ᠠ ᠰᠤᠷᠲᠠᠯ᠂ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃    ︵ᠠᠷᠪᠠ︶ ᠪᠦᠬᠦ ᠲᠤᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠢ ᠬᠠᠷᠢᠭᠤᠴᠠᠨ ᠬᠡᠷᠡᠭᠵᠢᠭᠦᠯᠦᠨ᠎ᠡ᠃    ︵ᠠᠷᠪᠠᠨ ᠨᠢᠭᠡ︶ ᠲᠤᠭᠤᠷᠢᠭ ᠤᠨ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ    ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠠᠯᠪᠠᠨ ᠬᠡᠷ᠂ ᠬᠠᠤᠯᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠶᠢ ᠠᠬᠢᠭᠤᠯᠬᠤ ᠠᠯᠪᠠᠨ ᠬᠡᠷ᠂ ᠠᠷᠠᠳ ᠲᠦᠮᠡᠨ ᠣᠷᠣᠯᠴᠠᠵᠤ ᠠᠬᠢᠭᠤᠯᠬᠤ ᠠᠯᠪᠠᠨ ᠬᠡᠷ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠬᠠᠤᠯᠢ ᠬᠡᠷᠡᠭᠵᠢᠭᠦᠯᠬᠦ ᠶᠡᠭᠡ ᠠᠩᠭᠢ᠂ ᠪᠥᠬᠦ ᠲᠠᠯ᠎ᠠ ᠪᠠᠷ ᠬᠠᠤᠯᠢ ᠪᠠᠷ  ᠲᠣᠭᠤᠷᠢᠭ ᠢᠶᠠᠨ ᠵᠠᠰᠠᠬᠤ ᠵᠥᠪᠯᠡᠯ ᠤᠨ ᠠᠯᠪᠠᠨ ᠬᠡᠷ ᠤᠨ ᠨᠠᠷᠢᠨ ᠪᠢᠴᠢᠭ ᠤᠨ ᠲᠠᠰᠤᠭ ︵ᠬᠠᠤᠯᠢ ᠪᠠᠷ ᠵᠠᠰᠠᠬᠤ ᠶᠢ ᠪᠠᠶᠢᠴᠠᠭᠠᠨ ᠰᠤᠳᠤᠯᠬᠤ ᠠᠯᠪᠠᠨ ᠬᠡᠷ︶᠂ ᠬᠠᠤᠯᠢ ᠪᠠᠷ ᠵᠠᠰᠠᠬᠤ ᠶᠢ ᠰᠢᠮᠳᠠᠭᠤᠯᠤᠨ ᠪᠠᠶᠢᠴᠠᠭᠠᠬᠤ ᠠᠯᠪᠠᠨ ᠬᠡᠷ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠠᠯᠪᠠᠨ ᠬᠡᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠯᠪᠠᠨ ᠬᠡᠷ ᠤᠨ 9 ᠲᠠᠰᠤᠭ ᠪᠠᠶᠢᠵᠤ᠂ ᠬᠠᠷᠢᠶᠠᠨ ᠳᠤ 7 ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ᠂ 1 ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠪᠣᠶ᠃ 8 ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠠ 2 ᠦᠨᠳᠦᠰᠦᠨ ᠱᠠᠲᠤᠨ ᠤ ᠬᠠᠤᠯᠢ ᠴᠠᠭᠠᠵᠠ ᠶᠢᠨ  ᠤᠶᠢᠯᠡᠴᠢᠯᠡᠭᠡᠨ ᠤ ᠭᠠᠵᠠᠷ ᠢ ᠬᠠᠮᠢᠶᠠᠷᠤᠨ᠎ᠠ᠃    ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ 7 ᠬᠠᠤᠯᠢ ᠴᠠᠭᠠᠵᠠ ᠶᠢᠨ ᠰᠠᠯᠪᠤᠷᠢ ᠲᠤᠬᠢᠷᠠᠭᠤᠯᠵᠤ᠂ ᠲᠣᠮᠢᠯᠠᠭᠰᠠᠨ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠲᠤᠰ ᠲᠤᠰ ᠴᠡᠭᠡᠯ ᠠᠭᠤᠯᠠᠨ ᠤ ᠬᠠᠤᠯᠢ ᠴᠠᠭᠠᠵᠠ ᠶᠢᠨ ᠭᠠᠵᠠᠷ᠂ ᠰᠢᠨᠬᠤᠸᠠ ᠬᠠᠤᠯᠢ ᠴᠠᠭᠠᠵᠠ ᠶᠢᠨ ᠭᠠᠵᠠᠷ᠂ ᠰᠢᠨᠬᠤᠸᠠ ᠪᠠᠷᠠᠭᠤᠨ ᠬᠠᠤᠯᠢ ᠴᠠᠭᠠᠵᠠ ᠶᠢᠨ ᠭᠠᠵᠠᠷ᠂ ᠬᠠᠶᠢᠪᠸᠢ ᠬᠠᠤᠯᠢ ᠴᠠᠭᠠᠵᠠ ᠶᠢᠨ ᠭᠠᠵᠠᠷ᠂ ᠹᠧᠩ ᠬᠤᠸᠠᠩ ᠯᠢᠩ ᠬᠠᠤᠯᠢ ᠴᠠᠭᠠᠵᠠ ᠶᠢᠨ ᠭᠠᠵᠠᠷ᠂ ᠪᠢᠨ ᠾᠧ ᠬᠠᠤᠯᠢ ᠴᠠᠭᠠᠵᠠ ᠶᠢᠨ ᠭᠠᠵᠠᠷ᠂ ᠯᠢᠨ ᠶᠢᠨ ᠬᠠᠤᠯᠢ ᠴᠠᠭᠠᠵᠠ ᠶᠢᠨ ᠭᠠᠵᠠᠷ ᠪᠣᠯᠤᠨ᠎ᠠ᠃ 8 ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠠ 2 ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠢ ᠬᠠᠮᠢᠶᠠᠷᠤᠨ᠎ᠠ᠂ ᠲᠤᠰᠪᠦᠷᠢ᠄ ᠥᠪᠥᠷ ᠮᠣᠩᠭᠤᠯ ᠤᠨ ᠰᠢᠩ ᠹᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠥᠪᠥᠷ ᠮᠣᠩᠭᠤᠯ ᠤᠨ ᠶᠢᠨ ᠵᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠥᠪᠥᠷ ᠮᠣᠩᠭᠤᠯ ᠤᠨ ᠷᠦᠢ ᠰᠢᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠥᠪᠥᠷ ᠮᠣᠩᠭᠤᠯ ᠤᠨ ᠹᠠ ᠰᠢᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠥᠪᠥᠷ ᠮᠣᠩᠭᠤᠯ ᠤᠨ ᠺᠦᠨ ᠹᠠᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠥᠪᠥᠷ ᠮᠣᠩᠭᠤᠯ ᠤᠨ ᠶᠦᠨ ᡁᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠥᠪᠥᠷ ᠮᠣᠩᠭᠤᠯ ᠤᠨ ᠶᠦᠨ ᡁᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠥᠪᠥᠷ ᠮᠣᠩᠭᠤᠯ ᠤᠨ ᠯᠠᠩ ᠬᠠᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠰᠢᠨᠬᠤᠸᠠ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠪᠠ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠬᠠᠶᠢᠪᠸᠢ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠪᠣᠯᠣᠨ᠎ᠠ᠃    ᠭᠤᠷᠪᠠ᠂ ᠠᠵᠢᠯᠯᠠᠬᠤ ᠬᠠᠶ᠋ᠢᠭ᠄ ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠱᠢ ᠴᠧᠩ ᠵᠡᠭᠦᠨ ᠵᠡᠭᠡᠯᠢ ᠶᠢᠨ 48 ᠳ᠋ᠤᠭᠠᠷ ᠲᠣᠭᠠᠲᠤ    ᠳᠥᠷᠪᠡ᠂ ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂ 15᠄ 00 - 18᠄ 00    ᠲᠠᠪᠤ᠂ ᠬᠠᠷᠢᠯᠴᠠᠬᠤ  ᠤᠲᠠᠰᠤ᠄ 0473 - 2102029    ᠵᠢᠷᠭᠤᠭ᠎ᠠ᠂ ᠬᠠᠷᠢᠭᠤᠴᠠᠯᠭᠠᠲᠠᠨ ᠤ ᠣᠪᠣᠭ ᠨᠡᠷ᠎ᠡ᠄ ᠫᠧᠩ ᠸᠧᠨ ᠰᠢᠶᠠᠩ   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号