ᠬᠠᠶᠢᠷᠤᠪ ᠤᠨ ᠲᠤᠬᠤᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠨᠡᠶᠢᠭᠡᠮ ᠲᠣᠭᠤᠷᠢᠭ ᠲᠤ ᠣᠷᠣᠭᠤᠯᠪᠠ ᠁
ᠨᠡᠶᠢᠲᠡᠯᠡᠭᠰᠡᠨ ᠴᠠᠭ᠄
2024/8/20
    ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠠ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢ ᠪᠡᠯᠭᠡᠯᠡᠵᠦ᠂ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠣᠯᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠴᠢᠩᠭᠠᠳᠬᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠪᠦᠬᠦ ᠠᠷᠠᠳ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠳᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠠᠴᠠ ᠭᠤᠣᠯᠯᠠᠨ ᠡᠷᠬᠢᠯᠡᠵᠦ᠂  ᠪᠢᠨ ᠾᠧ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠠᠴᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ ᠡᠭᠦᠨ ᠤ ᠬᠠᠮᠲᠤ᠂ ᠠᠵᠢᠯᠯᠠᠭ᠎ᠠ ᠳᠤ ᠪᠠᠰᠠ ᠪᠢᠨ ᠾᠧ ᠪᠠᠭ᠎ᠠ ᠰᠤᠷᠭᠠᠭᠤᠯᠢ ᠪᠣᠯᠤᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠪᠣᠯᠤᠨ ᠰᠤᠷᠤᠭᠴᠢᠳ ᠢ ᠤᠷᠢᠵᠤ ᠣᠷᠣᠯᠴᠠᠭᠤᠯᠵᠠᠶ᠃    ᠠᠵᠢᠯᠯᠠᠭ᠎ᠠ ᠶᠢᠨ ᠳᠤᠮᠳᠠ᠂ ᠰᠤᠷᠤᠭᠴᠢᠳ ︽ᠳᠤᠮᠳᠠᠳᠤ ᠤᠯᠤᠰ ᠤᠨ ᠲᠡᠯᠡᠶ ᠶᠢᠨ ᠴᠡᠷᠢᠭ ᠤᠨ ᠦᠬᠠᠶ ᠣᠩᠭᠤᠴᠠ︾᠂ ︽ᠠᠷᠪᠠᠨ ᠨᠠᠢᠮᠠᠳᠤᠭᠠᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠶᠢ ᠲᠣᠭᠤᠷᠢᠯᠲᠠ ᠶᠢᠨ ᠵᠠᠮ ᠳᠤ ᠣᠷᠣᠭᠤᠯᠬᠤ ᠶᠠᠪᠤᠴᠠ︾᠎ ᠶᠢ ᠡᠷᠭᠢᠴᠡᠭᠦᠯᠦᠭᠰᠡᠨ ᠸᠢᠳᠢᠣ᠋ ᠶᠢ ᠦᠵᠡᠵᠦ᠂ ᠥᠷᠭᠡᠨ ᠣᠯᠠᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠥᠲᠥᠭᠡᠨ ᠪᠠᠶᠢᠭᠤᠯᠬᠤ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠤᠬᠠᠮᠰᠠᠷᠲᠤ ᠴᠢᠨᠠᠷ ᠢ ᠨᠢ ᠨᠡᠮᠡᠭᠳᠡᠭᠦᠯᠪᠡ᠃ ᠠᠵᠢᠯᠯᠠᠭ᠎ᠠ ᠶᠢᠨ ᠳᠤᠮᠳᠠ ᠪᠠᠰᠠ ᠪᠢᠨ ᠾᠧ ᠵᠡᠭᠡᠯᠢ ᠭᠤᠳᠤᠮᠵᠢ ᠶᠢᠨ ᠬᠥᠷᠰᠢ ᠵᠡᠷᠭᠡᠯᠡᠳᠡᠭᠡ ᠣᠯᠠᠨ ᠲᠦᠮᠡᠨ ᠢ ᠣᠨᠴᠠᠭᠠᠶᠢᠯᠠᠨ ᠤᠷᠢᠵᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠯᠦᠸᠧ ᠵᠠᠨ ᠭᠦᠸᠧ ᠪᠠᠭᠰᠢ ᠶᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠯᠭᠡᠵᠡᠶ᠃     ᠬᠠᠮᠲᠤ ᠰᠤᠷᠤᠭᠴᠢᠳ ᠪᠢᠴᠢᠬᠠᠨ ᠭᠠᠷ ᠢᠶᠠᠨ ᠬᠥᠳᠡᠯᠭᠡᠵᠦ᠂ ᠬᠠᠮᠲᠤ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠭᠠᠷ ᠤᠷᠠᠯᠠᠯ ᠳᠤ ᠣᠷᠣᠯᠴᠠᠵᠤ᠂ ᠴᠠᠭᠠᠰᠤ ᠨᠤᠭᠤᠯᠬᠤ᠂ ᠥᠩᠭᠡᠲᠦ ᠰᠢᠪᠠᠷ ᠵᠡᠷᠭᠡ ᠠᠷᠭ᠎ᠠ ᠬᠡᠯᠪᠡᠷᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠡᠪᠰᠡᠭ ᠲᠣᠨᠣᠭᠯᠠᠯ ᠤᠨ ᠬᠥᠭᠵᠢᠯᠲᠡ ᠶᠢᠨ ᠶᠠᠪᠤᠴᠠ ᠶᠢ ᠡᠷᠭᠢᠴᠡᠭᠦᠯᠵᠦ᠂ ᠪᠠᠭᠰᠢ ᠪᠣᠯᠤᠨ ᠭᠡᠷ ᠤᠨ ᠠᠬᠠᠮᠠᠳ ᠨᠢᠭᠡ ᠲᠠᠯ᠎ᠠ ᠪᠠᠷ ᠵᠢᠭᠠᠨ ᠵᠢᠯᠣᠭᠤᠳᠴᠤ᠂ ᠡᠴᠢᠭᠡ ᠡᠬᠡ ᠦᠷ᠎ᠡ ᠬᠡᠦᠬᠡᠳ ᠤᠨ ᠬᠤᠷᠰᠢᠯᠴᠠᠭ᠎ᠠ ᠶᠢ ᠨᠡᠮᠡᠭᠳᠡᠭᠦᠯᠦᠭᠰᠡᠨ ᠪᠥᠭᠡᠳ ᠪᠠᠰᠠ ᠰᠤᠷᠤᠭᠴᠢᠳ ᠤᠨ ᠡᠬᠡ ᠤᠯᠤᠰ ᠲᠠᠬᠢ ᠬᠠᠶᠢᠷ᠎ᠠ ᠰᠡᠳᠬᠢᠯᠭᠡ ᠶᠢ ᠬᠥᠭᠵᠢᠭᠡᠵᠦ᠂ ᠰᠤᠷᠤᠭᠴᠢᠳ ᠨᠢᠭᠡᠳ ᠨᠢᠭᠡ ᠪᠠᠷ ᠥᠪᠡᠷ ᠤᠨ ᠪᠦᠲᠦᠭᠡᠯ ᠢᠶᠠᠨ ᠳᠡᠯᠭᠡᠨ ᠦᠵᠡᠭᠦᠯᠵᠦ᠂ ᠠᠵᠢᠯᠲᠠᠳ ᠬᠠᠮᠲᠤ ᠰᠤᠷᠤᠭᠴᠢᠳ ᠲᠤ ᠳᠤᠷᠠᠰᠬᠠᠯ ᠤᠨ ᠡᠳ᠋ ᠭᠠᠷᠳᠠᠭᠤᠯᠪᠠ᠃     ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯ ᠨᠡᠶᠢᠭᠡᠮ ᠤᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠨᠢᠭᠡᠨ ᠴᠢᠬᠤᠯᠠ ᠠᠭᠤᠯᠭ᠎ᠠ ᠮᠥᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠬᠡᠦᠬᠡᠳ ᠠᠴᠠ ᠡᠬᠢᠯᠡᠵᠦ ᠠᠳᠬᠤᠬᠤ ᠬᠡᠷᠡᠭᠲᠡᠢ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠷᠭᠦᠯᠵᠢᠯᠡᠨ ︽ᠬᠥᠷᠰᠢ ᠵᠡᠷᠭᠡᠯᠡᠳᠡᠭᠡ ᠰᠣᠶᠣᠯ︾ ᠵᠡᠷᠭᠡ ᠤᠨᠴᠠᠯᠢᠬᠳᠤ ᠲᠦᠷᠦᠯ ᠲᠡᠮᠳᠡᠭ ᠲᠤ ᠲᠦᠰᠢᠭᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠡᠦᠬᠡᠳ ᠤᠳ ᠢ ᠬᠠᠷᠠᠬᠠᠨ ᠪᠠᠭ᠎ᠠ ᠠᠴᠠ ᠪᠠᠨ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠪᠤᠢ ᠪᠣᠯᠭᠠᠵᠤ᠂ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠬᠠᠷᠢᠭᠤᠴᠠᠯᠭ᠎ᠠ ᠡᠭᠦᠷᠭᠡᠯᠡᠯ ᠢ ᠡᠭᠦᠷᠭᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号