22 ᠡᠳᠦᠷ︕ ᠬᠠᠶᠢᠷᠤᠪ ᠤᠨ ᠲᠣᠬᠤᠢ ᠶᠢᠨ ᠲᠣᠰ ᠤᠳᠠᠭᠠᠨ ᠤ ᠵᠣᠨ ᠤ ᠠᠮᠠᠷᠠᠯᠲᠠ ᠶᠢᠨ ᠬᠤᠭᠤᠴᠠᠭᠠᠨ ᠤ ᠨᠡᠶᠢᠲᠡ ᠶᠢᠨ ᠠᠰᠠᠷᠠᠮᠵᠢ ᠶᠢᠨ ᠤᠶᠢᠯᠡᠴᠢᠯᠡᠭᠡᠨ ᠤ ᠬᠢᠴᠢᠶᠡᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/8/20
    ᠣᠶᠢᠷ᠎ᠠ ᠳᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ 2024 ᠣᠨ ᠤ ᠬᠠᠶᠢᠷᠤᠪ ᠤᠨ ᠲᠣᠬᠤᠶ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠶᠢᠳᠠᠨ ᠬᠠᠮᠢᠶᠠᠷᠤᠭᠤᠯᠬᠤ ᠲᠠᠰᠤᠭ ᠤᠨ ᠴᠢ ᡁᠢ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠤᠨ ᠬᠢᠴᠢᠶᠡᠯ ᠲᠡᠭᠦᠰᠬᠦ ᠶᠣᠰᠣᠯᠠᠯ ᠱᠢ ᠴᠧᠩ ᠨᠡᠶᠢᠭᠡᠮ ᠲᠣᠭᠤᠷᠢᠭ ᠲᠤ ᠶᠠᠪᠤᠭᠳᠠᠪᠠ᠃ ᠤᠶᠤᠲᠠᠨ ᠰᠠᠶᠢᠨ ᠳᠤᠷᠠᠴᠤᠳ᠂ ᠬᠡᠤᠬᠡᠳ ᠪᠣᠯᠤᠨ ᠭᠡᠷ ᠤᠨ ᠠᠬᠠᠮᠠᠳ ᠨᠢᠭᠡ ᠲᠠᠩᠬᠢᠮ ᠳᠤ ᠴᠤᠭᠯᠠᠷᠠᠵᠤ᠂ ᠡᠨᠡ ᠬᠦ ᠮᠠᠷᠲᠠᠭᠳᠠᠰᠢ ᠥᠬᠡᠶ ᠠᠶᠠᠨ ᠵᠠᠮ ᠢᠶᠠᠨ ᠬᠠᠮᠲᠤ ᠪᠠᠷ ᠡᠷᠭᠢᠴᠡᠭᠦᠯᠵᠦ᠂ ᠣᠯᠠᠨ ᠤ ᠬᠠᠮᠲᠤ ᠪᠠᠷ ᠣᠯᠤᠭᠰᠠᠨ ᠠᠮᠵᠢᠯᠲᠠ ᠪᠦᠲᠦᠮᠵᠢ ᠪᠠᠨ ᠪᠡᠯᠭᠡᠯᠡᠪᠡ᠃
640 (1).png   
    ᠲᠣᠰ ᠤᠳᠠᠭᠠᠨ ᠤ ᠵᠣᠨ ᠤ ᠠᠮᠠᠷᠠᠯᠲᠠ ᠶᠢᠨ ᠬᠤᠭᠤᠴᠠᠭᠠᠨ ᠤ ᠨᠡᠶᠢᠲᠡ ᠶᠢᠨ ᠠᠰᠠᠷᠠᠮᠵᠢ ᠶᠢᠨ ᠤᠶᠢᠯᠡᠴᠢᠯᠡᠭᠡᠨ ᠤ ᠬᠢᠴᠢᠶᠡᠯ ᠤᠨ ᠲᠠᠩᠬᠢᠮ ᠨᠢ 22 ᠡᠳᠦᠷ ᠶᠠᠪᠤᠭᠳᠠᠵᠤ᠂ ᠬᠢᠴᠢᠶᠡᠯ ᠤᠨ ᠠᠭᠤᠯᠭ᠎ᠠ ᠨᠢ ᠡᠯᠪᠡᠭ ᠪᠠᠶᠠᠯᠢᠭ ᠪᠥᠭᠡᠳ ᠣᠯᠠᠨ ᠶᠠᠩᠵᠤ ᠶᠢᠨ ᠪᠠᠶᠢᠵᠤ᠂ ᠤᠷᠠᠨ ᠪᠢᠴᠢᠯᠭᠡ᠂ ᠤᠷᠠᠨ ᠵᠢᠷᠤᠭ ᠭᠠᠷ ᠤᠷᠠᠯᠠᠯ᠂  ᠡᠯᠧᠺᠲᠷᠣᠨ ᠤᠷᠠᠨ ᠵᠢᠷᠤᠭ᠂ ᠵᠡᠭᠡᠯᠢ ᠭᠤᠳᠤᠮᠵᠢ ᠶᠢᠨ ᠪᠥᠵᠢᠭ᠂ ᠰᠠᠭᠰᠤᠨ ᠪᠥᠮᠪᠦᠭᠡ ᠶᠢᠨ ᠬᠥᠳᠡᠯᠭᠡᠭᠡᠨ᠂ ᠠᠮᠤᠷ ᠲᠦᠪᠰᠢᠨ ᠤ ᠬᠥᠮᠦᠵᠢᠯ᠂ ᠲᠣᠭᠠᠨ ᠤ ᠤᠬᠠᠭᠠᠨ᠂ ᠠᠪᠢᠶᠠᠨ ᠤ ᠶᠠᠷᠢᠶ᠎ᠠ᠂ ᠠᠩᠭ᠍ᠯᠢ ᠬᠡᠯᠡᠨ ᠤ ᠰᠡᠬᠡᠭᠡᠷᠡᠯ ᠵᠡᠷᠭᠡ ᠣᠯᠠᠨ ᠲᠠᠯ᠎ᠠ ᠶᠢ ᠬᠠᠮᠤᠷᠴᠠᠶ᠃
640.png   
    ᠰᠠᠶᠢᠨ ᠳᠤᠷ᠎ᠠ ᠶᠢᠨ ᠦᠢᠯᠡᠴᠢᠯᠡᠭᠴᠢᠳ ᠤᠷᠠᠨ ᠪᠢᠴᠢᠯᠭᠡ ᠶᠢᠨ ᠬᠢᠴᠢᠶᠡᠯ ᠳᠡᠭᠡᠷ᠎ᠡ ᠨᠢᠭᠡ ᠨᠢᠭᠡ ᠪᠠᠷ ᠬᠠᠪᠰᠤᠷᠤᠨ ᠵᠢᠯᠣᠭᠤᠳᠬᠤ ᠪᠠ ᠠᠮᠢᠳᠤᠯᠢᠭ ᠰᠣᠨᠢᠷᠬᠠᠯᠲᠠᠢ ᠲᠣᠭᠯᠠᠭᠠᠮ ᠢᠶᠠᠷ ᠳᠠᠮᠵᠢᠭᠤᠯᠤᠨ᠂ ᠬᠡᠦᠬᠡᠳ ᠤᠳ ᠲᠤ ᠪᠠᠷᠢᠮᠵᠢᠶᠠᠲᠤ ᠦᠰᠦᠭ ᠪᠢᠴᠢᠬᠦ ᠳᠦᠷᠰᠦ ᠪᠠᠶᠢᠳᠠᠯ ᠢ ᠰᠤᠷᠭᠠᠵᠤ᠂ ᠰᠠᠶᠢᠨ ᠰᠠᠶᠢᠬᠠᠨ ᠪᠢᠴᠢᠯᠭᠡ ᠶᠢᠨ ᠳᠠᠳᠬᠠᠯ ᠢ ᠪᠤᠢ ᠪᠣᠯᠭᠠᠪᠠ᠃ ᠡᠭᠦᠨ ᠤ ᠬᠠᠮᠲᠤ᠂ ᠤᠷᠠᠨ ᠵᠢᠷᠤᠭ ᠤᠨ ᠭᠠᠷ ᠤᠷᠠᠯᠠᠯ ᠤᠨ ᠬᠢᠴᠢᠶᠡᠯ ᠳᠡᠭᠡᠷ᠎ᠡ᠂ ᠬᠡᠤᠬᠡᠳ ᠤᠳ ᠰᠠᠶᠢᠨ ᠳᠤᠷᠠᠴᠤᠳ ᠤᠨ ᠪᠠᠭᠰᠢ ᠶᠢᠨ ᠵᠢᠯᠣᠭᠤᠳᠣᠯᠭ᠎ᠠ ᠳᠣᠤᠷ᠎ᠠ᠂ ᠴᠢᠯᠥᠭᠡᠲᠡᠶ ᠵᠣᠬᠢᠶᠠᠨ ᠪᠦᠲᠦᠭᠡᠵᠦ᠂ ᠨᠠᠩᠭᠢ ᠰᠢᠷᠣᠶ ᠪᠠᠷ ᠶᠠᠩᠵᠤ ᠪᠦᠷᠢ ᠶᠢᠨ ᠭᠠᠷ ᠤᠷᠠᠯᠠᠯ ᠤᠨ ᠪᠦᠲᠦᠭᠡᠯ ᠭᠠᠷᠭᠠᠵᠤ᠂ ᠭᠠᠷ ᠬᠥᠳᠡᠯᠬᠦ ᠴᠢᠳᠠᠪᠤᠷᠢ ᠪᠠᠨ ᠪᠣᠯᠪᠠᠰᠤᠷᠠᠭᠤᠯᠬᠤ ᠪᠠᠷ ᠪᠠᠷᠠᠬᠤ ᠥᠬᠡᠶ ᠪᠠᠰᠠ ᠪᠦᠲᠦᠭᠡᠯᠴᠢ ᠴᠢᠳᠠᠪᠤᠷᠢ ᠶᠢ ᠬᠥᠮᠦᠵᠢᠭᠦᠯᠪᠡ︔ ᠡᠭᠦᠨ ᠠᠴᠠ ᠭᠠᠳᠠᠨ᠎ᠠ ᠪᠠᠰᠠ ᠰᠣᠨᠢᠷᠬᠠᠯᠲᠠᠶ ᠬᠡᠭᠡᠷ᠎ᠡ ᠭᠠᠳᠠᠨ᠎ᠠ ᠬᠥᠳᠡᠯᠭᠡᠭᠡᠨ ᠬᠢᠬᠦ᠂ ᠨᠣᠮ ᠤᠨ ᠰᠠᠩ ᠢ ᠲᠣᠭᠤᠷᠢᠨ ᠦᠵᠡᠬᠦ᠂ ᠯᠸᠢ ᠹᠧᠩ ᠤᠨ ᠳᠤᠷᠠᠰᠬᠠᠯ ᠤᠨ ᠣᠷᠳᠣᠨ ᠢ ᠲᠣᠭᠤᠷᠢᠨ ᠦᠵᠡᠬᠦ ᠪᠠ ᠪᠦᠲᠦᠭᠡᠯᠴᠢ ᠫᠷᠤᠭ᠍ᠷᠠᠮ ᠢ ᠪᠡᠶᠡᠴᠢᠯᠡᠨ ᠣᠶᠢᠯᠠᠭᠠᠵᠤ᠂ ᠬᠡᠤᠬᠡᠳ ᠤᠳ ᠲᠤ ᠲᠠᠮᠢᠷ ᠤᠨ ᠬᠥᠳᠡᠯᠭᠡᠭᠡᠨ ᠤ ᠳᠤᠮᠳᠠ ᠪᠦᠯᠬᠦᠮ ᠨᠡᠶᠢᠲᠡ ᠲᠠᠢ ᠬᠠᠮᠲᠤᠷᠠᠯᠴᠠᠬᠤ ᠶᠢ ᠰᠤᠷᠤᠯᠴᠠᠭᠤᠯᠵᠤ᠂ ᠲᠠᠮᠢᠷ ᠤᠨ ᠬᠥᠳᠡᠯᠭᠡᠭᠡᠨ ᠤ ᠪᠠᠶᠠᠷ ᠪᠠᠭ᠋ᠠᠳᠤᠯ ᠢ ᠮᠡᠳᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠮᠡᠳᠡᠷᠡᠭᠦᠯᠪᠡ᠃ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠳᠤ ᠪᠠᠰᠠ ᠠᠮᠤᠷ ᠲᠦᠪᠰᠢᠨ ᠤ ᠬᠥᠮᠦᠵᠢᠯ ᠤᠨ ᠬᠢᠴᠢᠶᠡᠯ ᠣᠷᠣᠵᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠠᠮᠢᠳᠤᠯᠢᠭ ᠬᠡᠷᠡᠭ ᠤᠨ ᠵᠢᠱᠢᠶ᠎ᠡ ᠶᠢᠨ ᠲᠠᠶᠢᠯᠤᠮᠵᠢ ᠪᠠ ᠱᠤᠭ ᠵᠢᠷᠤᠭ ᠤᠨ ᠤᠬᠠᠭᠤᠯᠭ᠎ᠠ ᠶᠢᠨ ᠮᠠᠲ᠋ᠧᠷᠢᠶᠠᠯ ᠢᠶᠠᠷ ᠳᠠᠮᠵᠢᠭᠤᠯᠤᠨ᠂ ᠬᠡᠦᠬᠡᠳ ᠤᠳ ᠲᠤ ᠤᠰᠤᠨ ᠳᠤ ᠵᠢᠪᠬᠦ ᠶᠢ ᠰᠡᠷᠭᠡᠶᠢᠯᠡᠬᠦ᠂ ᠳᠣᠷᠣᠮᠵᠢᠯᠠᠯ ᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠲᠡᠳᠡᠨ ᠢ ᠥᠪᠡᠷ ᠢ ᠪᠠᠨ ᠬᠠᠮᠠᠭᠠᠯᠠᠬᠤ ᠶᠢ ᠰᠤᠷᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠪᠡ᠃
    ᠲᠣᠰ ᠤᠳᠠᠭᠠᠨ ᠤ ᠠᠵᠢᠯᠯᠠᠭ᠎ᠠ ᠶᠢ ᠬᠠᠶᠢᠷᠤᠪ ᠤᠨ ᠲᠣᠬᠤᠢ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠶᠢᠷᠤᠪ ᠤᠨ ᠲᠣᠬᠤᠢ ᠶᠢᠨ ᠬᠤᠪᠢᠶᠠᠷᠢ ᠲᠣᠪᠴᠢᠶ᠎ᠠ᠂ ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠭᠤᠤᠯᠯᠠᠨ ᠡᠷᠬᠢᠯᠡᠵᠦ᠂ ᠬᠠᠶᠢᠪᠸᠢ ᠵᠡᠭᠡᠯᠢ ᠭᠤᠳᠤᠮᠵᠢ ᠶᠢᠨ ᠠᠵᠢᠯᠴᠢᠨ ᠤ ᠡᠪᠯᠡᠯ᠂ ᠱᠢ ᠴᠧᠩ ᠨᠡᠶᠢᠭᠡᠮ ᠲᠣᠭᠤᠷᠢᠭ ᠤᠨ ᠠᠵᠢᠯᠴᠢᠨ ᠤ ᠡᠪᠯᠡᠯ᠂ ᠬᠠᠶᠢᠷᠤᠪ ᠤᠨ ᠲᠣᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠠᠭᠳᠠᠭ᠎ᠠ ᠬᠡᠦᠬᠡᠳ ᠢ ᠨᠠᠶᠢᠳᠠᠨ ᠬᠠᠮᠢᠶᠠᠷᠤᠭᠤᠯᠬᠤ ᠠᠩᠭᠢ᠂ ᠴᠢ ᡁᠢ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠤᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠠᠴᠠ ᠬᠠᠪᠰᠤᠷᠤᠨ ᠡᠷᠬᠢᠯᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号