ᠦᠰᠦᠭ ᠢᠶᠠᠷ ᠦᠬᠦᠯᠡᠬᠦᠢ᠄ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ᠂ ᠤᠷᠢᠳ ᠢᠶᠠᠷ ᠬᠢᠬᠦ ᠳᠡᠰ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ
ᠨᠡᠶᠢᠲᠡᠯᠡᠭᠰᠡᠨ ᠴᠠᠭ᠄
2024/8/20
     ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ᠵᠢᠭᠠᠵᠤ ᠭᠠᠷᠭᠠᠬᠤ ᠳᠤ ᠪᠠᠨ᠂ ᠥᠭᠡᠷᠡᠴᠢᠯᠡᠯᠲᠡ ᠶᠢᠨ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ᠂ ᠤᠷᠢᠳ ᠢᠶᠠᠷ ᠬᠢᠬᠦ ᠳᠡᠰ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ ᠭᠡᠵᠡᠢ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠣᠯᠠᠨᠲᠠ ᠴᠢᠬᠤᠯᠠᠴᠢᠯᠠᠭᠰᠠᠨ ᠨᠢᠭᠡᠨ ᠴᠢᠬᠤᠯᠠ ᠠᠵᠢᠯ ᠤᠨ ᠠᠷᠭ᠎ᠠ ᠬᠡᠮᠵᠢᠶ᠎ᠡ ᠪᠣᠯᠣᠨ᠎ᠠ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠭᠦᠷᠭᠡ ᠬᠦᠨᠳᠦ᠂ ᠲᠠᠯ᠎ᠠ ᠲᠠᠯ᠎ᠠ ᠶᠢᠨ ᠠᠵᠢᠯ ᠠᠷᠪᠢᠨ ᠪᠣᠯᠬᠤᠷ ᠡᠷᠬᠡᠪᠰᠢ ᠥᠭᠡᠷᠡᠴᠢᠯᠡᠯᠲᠡ ᠶᠢᠨ ᠵᠠᠮ ᠱᠤᠭᠤᠮ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠨ ᠪᠣᠯᠭᠤᠮᠵᠢᠲᠠᠢ ᠠᠵᠢᠯᠯᠠᠵᠤ᠂ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠭᠦᠨᠵᠡᠭᠡᠶᠢᠷᠡᠨ ᠤᠷᠤᠭᠰᠢᠯᠠᠬᠤ ᠶᠢ ᠠᠬᠢᠭᠤᠯᠤᠨ᠎ᠠ᠃    ᠥᠭᠡᠷᠡᠴᠢᠯᠡᠯᠲᠡ ᠶᠢᠨ ᠶᠡᠭᠡ ᠪᠠᠶᠢᠳᠠᠯ ᠢ ᠤᠬᠠᠭᠠᠯᠠᠨ ᠲᠦᠯᠦᠪᠯᠡᠬᠦ ᠠᠴᠠ ᠡᠬᠢᠯᠡᠭᠦᠯᠳᠡᠭ᠃ ᠥᠨᠳᠦᠷ ᠲᠦᠪᠰᠢᠨ ᠠᠴᠠ ᠪᠣᠳᠣᠯᠬᠢᠯᠠᠨ᠂ ᠵᠢᠵᠢᠭ ᠰᠠᠵᠢᠭ ᠵᠦᠢᠯᠡᠰ ᠠᠴᠠ ᠭᠠᠷᠳᠠᠵᠤ᠂ ᠨᠢᠭᠡᠳᠦᠯᠲᠡᠢ ᠲᠥᠯᠥᠪᠯᠡᠨ ᠨᠡᠶᠢᠳᠡᠮ ᠳᠤ ᠨᠢ ᠬᠠᠷᠠᠭᠠᠯᠵᠠᠵᠤ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠵᠦ᠂ ᠦᠨᠡᠨ ᠠᠴᠠ ᠵᠥᠪ ᠢ ᠡᠷᠢᠨ ᠲᠥᠯᠥᠪᠯᠡᠭᠡ ᠲᠣᠭᠲᠠᠭᠠᠨ᠎ᠠ᠃ ᠨᠡᠩ ᠦᠨᠳᠦᠷ ᠢᠶᠠᠷ ᠪᠠᠷᠢᠮᠵᠢᠶᠠᠯᠠᠨ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ ᠮᠥᠷᠲᠡᠭᠡᠨ ᠪᠠᠰᠠ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ᠂ ᠴᠢᠳᠠᠯ ᠤᠨ ᠢᠶᠠᠨ ᠬᠢᠷᠢ ᠪᠠᠷ ᠢᠶᠠᠨ ᠠᠵᠢᠯᠯᠠᠨ᠎ᠠ᠃ ᠶᠡᠭᠡ ᠲᠠᠯ᠎ᠠ ᠶᠢᠨ ᠦᠵᠡᠯᠲᠡ ᠪᠠ ᠰᠢᠰᠲ᠋ᠧᠮᠲᠦ ᠰᠡᠳᠬᠢᠬᠦᠢ ᠪᠠᠷ ᠡᠭᠦᠷᠭᠡ ᠪᠠᠨ ᠲᠦᠰᠦᠪᠯᠡᠵᠦ᠂ ᠡᠯ᠎ᠡ ᠬᠦᠷᠢᠶᠡᠨ ᠳᠠᠬᠢ ᠥᠭᠡᠷᠡᠴᠢᠯᠡᠯᠲᠡ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠤᠨ᠎ᠠ᠃    ᠴᠠᠭ ᠮᠦᠴᠡ ᠤᠷᠤᠰᠬᠠᠯ ᠤᠰᠤᠨ ᠮᠡᠲᠦ ᠥᠩᠭᠡᠷᠡᠨ ᠣᠳᠣᠨ᠎ᠠ᠃ 2029 ᠣᠨ ᠤ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 80 ᠵᠢᠯ ᠤᠨ ᠤᠢ ᠪᠣᠯᠬᠤ ᠦᠶᠡᠰ ᠢᠶᠠᠷ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠳᠤ ᠴᠠᠭ ᠪᠠᠴᠢᠮ᠂ ᠡᠭᠦᠷᠭᠡ ᠬᠦᠨᠳᠦ᠂ ᠬᠠᠷᠢᠭᠤᠴᠠᠯᠭ᠎ᠠ ᠶᠡᠭᠡ ᠪᠠᠶᠢᠨ᠎ᠠ᠃ ᠥᠭᠡᠷᠡᠴᠢᠯᠡᠯᠲᠡ ᠬᠢᠬᠦ ᠳᠤ ᠠᠪᠤᠨ ᠳᠣᠣᠷ᠎ᠠ ᠪᠠᠨ ᠠᠮᠵᠢᠯᠲᠠ ᠣᠯᠬᠤ ᠪᠠᠷ ᠶᠠᠭᠠᠷᠠᠵᠤ ᠪᠣᠯᠬᠤ ᠦᠭᠡᠢ᠂ ᠭᠡᠪᠡᠴᠦ ᠦᠨᠳᠦᠷ ᠮᠣᠳᠣᠨ ᠤ ᠳᠣᠣᠷ᠎ᠠ ᠦᠬᠦᠭᠰᠡᠨ ᠲᠠᠤᠯᠠᠢ ᠶᠢ ᠬᠦᠯᠢᠶᠡᠵᠦ ᠰᠠᠭᠤᠭᠠᠳ ᠯᠠ ᠪᠠᠶᠢᠵᠤ ᠶᠠᠭᠠᠬᠢᠭᠰᠠᠨ ᠴᠦ ᠪᠣᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠭᠡᠷᠡᠴᠢᠯᠡᠯᠲᠡ ᠶᠢᠨ ᠡᠭᠦᠷᠭᠡ ᠶᠢᠨ ᠨᠠᠷᠢᠨ ᠪᠤᠳᠤᠯᠢᠶᠠᠨᠲᠤ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠢ ᠭᠦᠢᠴᠡᠳ ᠪᠣᠳᠣᠯᠬᠢᠯᠠᠨ᠂ ᠪᠣᠳᠠᠲᠤ ᠪᠠᠶᠢᠳᠠᠯ ᠢᠶᠠᠨ ᠦᠨᠳᠦᠰᠦᠯᠡᠨ ︽ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠲᠣᠬᠢᠷᠠᠭᠤᠯᠵᠤ︾᠂ ᠥᠭᠡᠷᠡᠴᠢᠯᠡᠯᠲᠡ ᠶᠢ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠪᠠᠷ ᠠᠬᠢᠭᠤᠯᠤᠨ᠎ᠠ᠃    ᠠᠰᠠᠭᠤᠳᠠᠯ ᠣᠷᠣᠰᠢᠵᠤ ᠪᠠᠶᠢᠭ᠎ᠠ ᠭᠠᠵᠠᠷ ᠪᠣᠯ ᠳᠠᠷᠤᠢ ᠪᠢᠳᠡᠨ ᠤ ᠥᠭᠡᠷᠡᠴᠢᠯᠡᠯᠲᠡ ᠬᠢᠬᠦ ᠵᠦᠭ ᠴᠢᠭᠯᠡᠯ ᠭᠡᠵᠦ ᠬᠡᠯᠡᠵᠦ ᠪᠣᠯᠣᠨ᠎ᠠ᠃ ᠥᠭᠡᠷᠡᠴᠢᠯᠡᠯᠲᠡ ᠶᠢᠨ ᠤᠷᠢᠳ ᠢᠶᠠᠷ ᠬᠢᠬᠦ ᠲᠡᠰ ᠳᠠᠷᠠᠭᠠᠯᠠᠯ ᠢ ᠰᠠᠶᠢᠲᠤᠷ ᠵᠢᠭᠰᠠᠭᠠᠬᠤ ᠳᠤ ᠳᠠᠷᠤᠢ ᠲᠣᠪᠤᠶᠢᠮ᠎ᠠ ᠵᠥᠷᠢᠴᠡᠯ᠂ ᠭᠤᠣᠯᠳᠠᠯᠭ᠎ᠠ ᠪᠣᠯᠬᠤ ᠠᠰᠠᠭᠤᠳᠠᠯ ᠳᠤ ᠴᠢᠭᠯᠡᠭᠦᠯᠦᠨ ᠥᠭᠡᠷᠡᠴᠢᠯᠡᠯᠲᠡ ᠬᠢᠨ᠎ᠡ᠃ ᠭᠤᠣᠯ ᠳᠡᠳ᠋ ᠢ ᠲᠣᠳᠣᠷᠬᠠᠢ ᠢᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠠᠭᠤᠷᠢ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠨᠥᠯᠥᠭᠡ ᠪᠦᠬᠦᠢ ᠲᠡᠳᠡᠭᠡᠷ ᠥᠭᠡᠷᠡᠴᠢᠯᠡᠯᠲᠡ ᠶᠢᠨ ᠡᠭᠦᠷᠭᠡ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠦᠴᠦᠨ ᠢᠶᠠᠨ ᠲᠥᠪᠯᠡᠷᠡᠭᠦᠯᠦᠨ ᠤᠷᠢᠳ ᠢᠶᠠᠷ ᠰᠢᠪᠲᠤᠯᠤᠨ᠎ᠠ᠃ ᠠᠷᠠᠳ ᠲᠦᠮᠡᠨ ᠶᠠᠮᠠᠷ ᠬᠦᠰᠡᠯ ᠱᠠᠭᠠᠷᠳᠠᠯᠭ᠎ᠠ ᠲᠠᠢ ᠯᠠ ᠪᠣᠯ ᠲᠡᠭᠦᠨ ᠯᠦᠭᠡ ᠵᠣᠬᠢᠴᠠᠭᠰᠠᠨ ᠥᠭᠡᠷᠡᠴᠢᠯᠡᠯᠲᠡ ᠶᠢᠨ ᠬᠠᠷᠢᠭᠤ ᠲᠤᠰᠬᠠᠯ ᠭᠠᠷᠭᠠᠬᠤ ᠬᠡᠷᠡᠭᠲᠡᠢ᠃ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠬᠢᠭᠤᠯᠬᠤ ᠳᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠢᠮᠠᠭᠲᠠ ᠰᠡᠳᠬᠢᠯ ᠳᠤ ᠪᠠᠨ ᠪᠤᠳᠤᠵᠤ᠂ ᠠᠷᠠᠳ ᠲᠦᠮᠡᠨ ᠤ ᠠᠰᠢᠭ ᠲᠤᠰᠠ ᠠᠴᠠ ᠡᠭᠦᠰᠬᠦ ᠶᠢ ᠪᠠᠷᠢᠮᠲᠠᠯᠠᠨ ᠥᠭᠡᠷᠡᠴᠢᠯᠡᠯᠲᠡ ᠶᠢᠨ ᠰᠡᠳᠬᠢᠮᠵᠢ ᠪᠠᠨ ᠲᠦᠰᠦᠪᠯᠡᠵᠦ᠂ ᠠᠷᠠᠳ ᠤᠯᠠᠨ ᠳᠤ ᠥᠭᠡᠷᠡᠴᠢᠯᠡᠯᠲᠡ ᠬᠢᠵᠦ ᠣᠯᠣᠭᠰᠠᠨ ᠠᠰᠢᠭ ᠲᠤᠰᠠ ᠶᠢ ᠦᠨᠡᠨ ᠬᠦ ᠡᠳ᠋ᠯᠡᠭᠦᠯᠦᠨ᠎ᠡ᠃    ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号