︽2024-2025 ᠣᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠬᠥᠭᠵᠢᠯᠲᠡ︾᠎ ᠶᠢᠨ ᠲᠦᠷᠦᠯ ᠵᠦᠢᠯ ᠢ ᠵᠢᠩᠬᠢᠨᠢ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2024/8/21
    8 ᠳ᠋ᠤᠭᠠᠷ ᠰᠠᠷ᠎ᠠ ᠶᠢᠨ 20᠎ ᠤ ᠡᠳᠦᠷ᠂ ᠦᠬᠠᠶ ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ᠂ ᠬᠠᠶᠢᠷᠤᠪ ᠤᠨ ᠲᠤᠬᠤᠢ ᠲᠣᠭᠤᠷᠢᠭ ᠤᠨ ᠭᠤᠸᠠᠩ ᠮᠢᠩ ᠵᠠᠮ ᠤᠨ ᠪᠠᠭ᠎ᠠ ᠰᠤᠷᠭᠠᠭᠤᠯᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠪᠠᠭ᠎ᠠ ᠰᠤᠷᠭᠠᠭᠤᠯᠢ᠂ ᠬᠠᠶᠢᠷᠤᠪ ᠤᠨ ᠲᠤᠬᠤᠢ ᠲᠣᠭᠤᠷᠢᠭ ᠤᠨ ᠢ ᠯᠢᠨ ᠪᠠᠭ᠎ᠠ ᠰᠤᠷᠭᠠᠭᠤᠯᠢ ᠶᠢᠨ ᠲᠦᠷᠪᠡᠨ ᠰᠤᠷᠭᠠᠭᠤᠯᠢ ᠪᠠᠷ ᠪᠦᠷᠢᠯᠳᠦᠭᠰᠡᠨ ᠰᠤᠷᠭᠠᠨ ᠬᠥᠮᠦᠵᠢᠯ ᠤᠨ ᠪᠦᠯᠦᠭᠯᠡᠯ ᠬᠢᠭᠡᠳ ᠵᠡᠭᠦᠨ ᠡᠮᠦᠨᠡᠲᠦ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠬᠦᠷᠢᠶᠡᠯᠡᠩ ᠤᠨ ︽2024-2025 ᠣᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠬᠥᠭᠵᠢᠯᠲᠡ︾᠎ ᠶᠢᠨ ᠲᠦᠷᠦᠯ ᠵᠦᠢᠯ ᠢ ᠵᠢᠩᠬᠢᠨᠢ ᠪᠠᠷ ᠡᠬᠢᠯᠡᠭᠦᠯᠪᠡ᠃ 
      ᠵᠡᠭᠦᠨ ᠡᠮᠦᠨᠡᠲᠦ ᠶᠢᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠰᠤᠷᠤᠯᠴᠠᠨ ᠳᠡᠭᠡᠭᠰᠢᠯᠡᠭᠦᠯᠬᠦ᠂ ᠬᠠᠷᠢᠯᠴᠠᠨ ᠲᠣᠯᠢ ᠪᠣᠯᠭᠠᠵᠤ ᠰᠣᠯᠢᠯᠴᠠᠬᠤ ᠲᠠᠪᠴᠠᠩ ᠪᠠᠶᠢᠭᠤᠯᠬᠤ ᠪᠠᠷ ᠳᠠᠮᠵᠢᠭᠤᠯᠤᠨ᠂ ᠤᠯᠤᠰ ᠤᠨ ᠰᠤᠷᠭᠠᠨ ᠬᠥᠮᠦᠵᠢᠯ ᠤᠨ ᠶᠠᠮᠤᠨ᠂ ᠡᠯ᠎ᠡ ᠳᠡᠭᠡᠳᠦ ᠰᠤᠷᠭᠠᠭᠤᠯᠢ ᠵᠢᠴᠢ ᠡᠯ᠎ᠡ ᠭᠠᠵᠠᠷ ᠤᠨ ᠵᠢᠭᠠᠨ ᠰᠤᠳᠤᠯᠬᠤ ᠰᠠᠯᠠᠭ᠎ᠠ ᠮᠥᠴᠢᠷ ᠤᠨ ᠬᠠᠮᠤᠭ ᠤᠨ ᠶᠡᠭᠡ ᠨᠥᠯᠥᠭᠡᠯᠡᠬᠦ ᠬᠦᠴᠦᠨ ᠲᠠᠢ ᠲᠤᠰᠬᠠᠶ ᠮᠡᠷᠭᠡᠵᠢᠯᠲᠡᠨ᠂ ᠡᠷᠳᠡᠮᠲᠡᠨ᠂ ᠨᠠᠷᠠᠲᠤ ᠪᠠᠭᠰᠢ ᠪᠠᠷ ᠪᠦᠷᠢᠯᠳᠦᠭᠰᠡᠨ ᠰᠤᠷᠭᠠᠨ ᠬᠥᠮᠦᠵᠢᠯ ᠤᠨ ᠰᠤᠳᠤᠯᠭᠠᠨ ᠤ ᠪᠦᠯᠬᠦᠮ ᠨᠡᠶᠢᠲᠡ ᠶᠢ ᠤᠷᠢᠵᠤ᠂ ᠲᠠᠷᠠᠭᠠᠴᠢ ᠶᠢᠨ ᠨᠢᠭᠡ ᠵᠢᠯ ᠤᠨ ᠬᠤᠭᠤᠴᠠᠭᠠᠨ ᠳᠤ ᠨᠠᠷᠢᠯᠢᠭ ᠰᠣᠩᠭᠤᠭᠰᠠᠨ ᠪᠣᠯᠪᠠᠰᠤᠷᠠᠭᠤᠯᠤᠯ ᠤᠨ ᠬᠢᠴᠢᠶᠡᠯ᠂ ᠡᠯᠪᠡᠭ ᠪᠠᠶᠠᠯᠢᠭ ᠪᠣᠯᠪᠠᠰᠤᠷᠠᠭᠤᠯᠤᠯ ᠤᠨ ᠠᠭᠤᠯᠭ᠎ᠠ ᠪᠠᠷ᠂ ᠡᠯ᠎ᠡ ᠲᠤᠰᠬᠠᠶ ᠮᠡᠷᠭᠡᠵᠢᠯᠲᠡᠨ᠂ ᠨᠠᠷᠠᠲᠤ ᠪᠠᠭᠰᠢ ᠠᠴᠠ ᠰᠦᠯᠵᠢᠶᠡᠨ ᠳᠡᠭᠡᠷ᠎ᠡ ᠵᠢᠯᠣᠭᠤᠳᠬᠤ᠂ ᠰᠦᠯᠵᠢᠶᠡᠨ ᠭᠠᠳᠠᠨ᠎ᠠ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠥᠷᠪᠡᠨ ᠪᠦᠯᠦᠭᠯᠡᠯ ᠰᠤᠷᠭᠠᠭᠤᠯᠢ ᠶᠢᠨ ᠪᠠᠭᠰᠢ ᠳᠤ ᠬᠢᠴᠢᠶᠡᠯ ᠣᠷᠣᠬᠤ ᠪᠥᠭᠡᠳ ᠪᠣᠯᠪᠠᠰᠤᠷᠠᠭᠤᠯᠤᠯ ᠳᠤ ᠣᠷᠣᠯᠴᠠᠬᠤ ᠪᠠᠭᠰᠢ ᠶᠢᠨ ᠰᠤᠳᠤᠯᠤᠨ ᠶᠠᠷᠢᠯᠴᠠᠵᠤ ᠬᠢᠴᠢᠶᠡᠯᠯᠡᠬᠦ ᠠᠭᠤᠯᠭ᠎ᠠ ᠶᠢ ᠵᠣᠬᠢᠶᠠᠨ ᠪᠠᠶᠢᠭᠤᠯᠵᠤ᠂ ᠨᠢᠭᠡ ᠰᠤᠷᠤᠯᠭ᠎ᠠ ᠶᠢᠨ ᠣᠨ ᠤ ᠰᠤᠷᠤᠯᠴᠠᠯᠭ᠎ᠠ ᠶᠢᠨ ᠳ᠋ᠦᠩᠨᠡᠯᠲᠡ ᠶᠢ ᠪᠡᠶᠡᠯᠡᠭᠦᠯᠦᠨ᠎ᠡ᠃
    ᠲᠤᠰ ᠤᠳᠠᠭᠠᠨ ᠤ ᠪᠣᠯᠪᠠᠰᠤᠷᠠᠯ ᠳᠤ᠂ ᠵᠡᠭᠦᠨ ᠡᠮᠦᠨᠡᠲᠦ ᠶᠢᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ ᠵᠠᠩ ᠶᠤᠸᠠᠨ ᠬᠤᠸᠠ᠂ ᠪᠡᠭᠡᠵᠢᠩ ᠬᠤᠲᠠ ᠶᠢᠨ ᠱᠦᠨ ᠢ ᠲᠣᠭᠤᠷᠢᠭ ᠤᠨ ᠰᠤᠷᠭᠠᠨ ᠬᠥᠮᠦᠵᠢᠯ ᠤᠨ ᠰᠤᠳᠤᠯᠭᠠᠨ ᠪᠠ ᠪᠠᠭᠰᠢ ᠶᠢᠨ ᠰᠤᠳᠤᠯᠤᠨ ᠰᠤᠷᠤᠯᠴᠠᠬᠤ ᠲᠥᠪ ᠤᠨ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ ᠵᠢᠭᠠᠨ ᠰᠤᠳᠤᠯᠤᠭᠴᠢ ᠵᠠᠩ ᠴᠢᠦ ᠱᠤᠸᠠᠩ ᠵᠡᠷᠭᠡ ᠣᠯᠠᠨ ᠲᠤᠰᠬᠠᠶ ᠮᠡᠷᠭᠡᠵᠢᠯᠲᠡᠨ᠂ ᠡᠷᠳᠡᠮᠲᠡᠨ᠂ ᠨᠠᠷᠠᠲᠤ ᠪᠠᠭᠰᠢ ᠵᠡᠷᠭᠡ ᠳᠥᠷᠪᠡᠨ ᠪᠦᠯᠦᠭᠯᠡᠯ ᠤᠨ ᠰᠤᠷᠭᠠᠭᠤᠯᠢ ᠶᠢᠨ ᠪᠠᠭᠰᠢ ᠳᠤ ᠡᠮᠦᠨ᠎ᠡ ᠵᠠᠬ᠎ᠠ ᠶᠢᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ᠂ ᠪᠣᠳᠠᠲᠤ ᠬᠡᠷᠡᠭᠯᠡᠭᠡᠨ ᠤ ᠵᠢᠭᠠᠨ ᠰᠤᠷᠭᠠᠯᠲᠠ ᠶᠢᠨ ᠠᠷᠭ᠎ᠠ ᠶᠢ ᠠᠪᠴᠢᠷᠠᠵᠤ᠂ ᠪᠠᠭᠰᠢ ᠨᠠᠷ ᠲᠤ ᠰᠤᠷᠭᠠᠨ ᠬᠥᠮᠦᠵᠢᠯ ᠤᠨ ᠬᠦᠷᠢᠶᠡᠨ ᠳᠠᠬᠢ ᠬᠠᠮᠤᠭ ᠤᠨ ᠰᠢᠨ᠎ᠡ ᠪᠠᠶᠢᠳᠠᠯ ᠢ ᠣᠶᠢᠯᠠᠭᠠᠭᠤᠯᠵᠤ᠂ ᠡᠷᠳᠡᠮ ᠰᠢᠨᠵᠢᠯᠡᠭᠡᠨ ᠤ ᠬᠠᠷᠠᠭ᠎ᠠ ᠪᠠᠨ ᠥᠷᠭᠡᠳᠬᠡᠨ᠂ ᠰᠢᠯᠢᠳᠡᠭ ᠪᠠᠭᠰᠢ ᠳᠤ ᠦᠰᠦᠨ ᠪᠤᠶᠢᠵᠢᠬᠤ ᠲᠣᠬᠢᠶᠠᠯ ᠬᠠᠩᠭᠠᠵᠤ᠂ ᠰᠢᠯᠢᠳᠡᠭ ᠪᠠᠭᠰᠢ ᠶᠢᠨ ᠡᠩᠨᠡᠭᠡ ᠶᠢ ᠪᠠᠶᠢᠭᠤᠯᠬᠤ ᠪᠣᠯᠤᠨ᠎ᠠ᠃
640 (4).jpg   
    ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠣᠯ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠩᠭᠢᠯᠠᠭ᠎ᠠ ᠮᠥᠨ᠃ ᠲᠦᠷᠦᠯ ᠵᠦᠢᠯ ᠢ ᠡᠬᠢᠯᠡᠭᠦᠯᠦᠭᠰᠡᠨ ᠨᠢ ᠨᠠᠷᠠᠲᠤ ᠪᠠᠭᠰᠢ᠂ ᠨᠠᠷᠠᠲᠤ ᠰᠤᠷᠭᠠᠭᠤᠯᠢ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠠᠭᠰᠢ ᠶᠢᠨ ᠡᠬᠢ ᠪᠠᠶᠠᠯᠢᠭ ᠢ ᠬᠠᠷᠢᠯᠴᠠᠨ ᠨᠡᠪᠲᠡᠷᠡᠭᠦᠯᠬᠦ ᠵᠢᠴᠢ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ᠂ ᠬᠠᠮᠢᠶᠠᠷᠤᠯᠲᠠ ᠶᠢᠨ ᠵᠠᠭᠪᠤᠷ᠂ ᠬᠢᠴᠢᠶᠡᠯ ᠤᠨ ᠪᠠᠶᠢᠷᠢᠯᠠᠭᠤᠯᠤᠯᠲᠠ ᠵᠡᠷᠭᠡ ᠣᠯᠠᠨ ᠲᠠᠯ᠎ᠠ ᠶᠢᠨ ᠭᠦᠨᠵᠡᠭᠡᠶ ᠠᠭᠤᠰᠤᠯᠴᠠᠯ ᠢᠶᠠᠷ ᠳᠠᠮᠵᠢᠭᠤᠯᠤᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠦᠲᠦᠮᠵᠢᠲᠡᠶ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤ ᠪᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ ᠬᠠᠶᠢᠷᠤᠪ ᠤᠨ ᠲᠣᠬᠤᠶ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠠᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号