ᠠᠶᠤᠯᠭᠦᠢ ᠦᠢᠯᠡᠳᠪᠦᠷᠢᠯᠡᠯ ᠳᠤ ᠬᠤᠯᠪᠣᠭᠳᠠᠨ᠎ᠠ ︕ ᠡᠨᠡ ᠤᠳᠠᠭᠠᠨ ᠤ ᠪᠣᠯᠪᠠᠰᠤᠷᠠᠯ ᠮᠠᠰᠢ ᠴᠢᠬᠤᠯᠠ
ᠨᠡᠶᠢᠲᠡᠯᠡᠭᠰᠡᠨ ᠴᠠᠭ᠄
2024/8/22
    8 ᠰᠠᠷ᠎ᠠ ᠶᠢᠨ 20᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠬᠠᠶᠢᠷᠤᠪ ᠤᠨ ᠲᠤᠬᠤᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ᠂ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ 4 ᠰᠠᠯᠠᠭ᠎ᠠ ᠮᠥᠴᠢᠷ ᠲᠠᠢ ᠬᠠᠮᠲᠤᠷᠠᠨ ᠬᠠᠶᠢᠷᠤᠪ ᠤᠨ ᠲᠤᠬᠤᠢ ᠲᠣᠭᠤᠷᠢᠭ ᠤᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠠᠮᠲᠤᠷᠠᠭᠰᠠᠨ ᠠᠩᠬᠢ ᠳᠤᠭᠤᠶᠢᠯᠠᠩ ᠤᠨ ᠲᠤᠷᠰᠢᠯᠲᠠ ᠶᠢᠨ ᠴᠡᠭ ᠤᠨ ᠪᠠᠶᠢᠷᠢᠯᠠᠭᠤᠯᠤᠯᠲᠠ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠨᠡᠶᠢᠳᠡ 38 ᠢᠳᠡᠭᠡᠨ ᠤᠮᠳᠠᠭᠠᠨ ᠤ ᠠᠵᠤ ᠠᠬᠤᠶᠢᠯᠠᠯ ᠲᠤᠰ ᠤᠳᠠᠭ᠎ᠠ ᠶᠢᠨ ᠪᠠᠶᠢᠷᠢᠯᠠᠭᠤᠯᠤᠯᠲᠠ ᠶᠢᠨ ᠪᠣᠯᠪᠠᠰᠤᠷᠠᠯ ᠤᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠬᠠᠶᠢᠷᠤᠪ ᠤᠨ ᠲᠤᠬᠤᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠬᠡᠷᠡᠭ ᠢᠶᠠᠷ ᠵᠢᠱᠢᠶ᠎ᠡ ᠪᠣᠯᠭᠠᠵᠤ᠂ ︽1.24︾ ᠵᠢᠶᠠᠩᠰᠢ ᠶᠢᠨ ᠰᠢᠨ ᠢᠦᠢ ᠬᠤᠳᠠ ᠶᠢᠨ ᠬᠦᠨᠳᠦ ᠶᠡᠭᠡ ᠭᠠᠯ ᠤᠨ ᠭᠠᠮᠰᠢᠭ ᠤᠨ ᠠᠳᠡᠯ᠂ ︽6.21︾ ᠨᠢᠩᠰᠢᠶᠠ ᠶᠢᠨ ᠹᠦ᠋ ᠶᠠᠩ ᠰᠢᠷᠠᠮᠠᠯ ᠤ ᠭᠠᠵᠠᠷ ᠤᠨ ᠰᠢᠩᠭᠡᠨᠵᠢᠮᠡᠯ ᠴᠢᠯᠠᠭᠤᠨ ᠲᠤᠰᠤᠨ ᠤ ᠳᠡᠯᠪᠡᠷᠡᠯᠲᠡ ᠶᠢᠨ ᠠᠳᠡᠯ ᠤᠨ ᠦᠷ᠎ᠡ ᠳ᠋ᠦᠩ ᠵᠢᠴᠢ ᠠᠳᠡᠯ ᠤᠨ ᠰᠢᠯᠲᠠᠭᠠᠨ ᠢ ᠨᠠᠷᠢᠨ ᠲᠠᠶᠢᠯᠪᠤᠷᠢᠯᠠᠵᠤ᠂ ᠠᠩᠬᠢ ᠳᠤᠭᠤᠶᠢᠯᠠᠩ ᠤᠨ ᠲᠦᠷᠢᠮ ᠢ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠴᠢᠬᠤᠯᠠᠴᠢᠯᠠᠪᠠ᠃ ᠬᠠᠶᠢᠷᠤᠪ ᠤᠨ ᠲᠣᠬᠤᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠮᠢ ᠨᠠᠰᠤᠨ ᠤ ᠨᠡᠪᠲᠡᠷᠡᠬᠦ ᠵᠠᠮ᠂ ᠰᠢᠲᠠᠮᠠᠬᠠᠶ ᠬᠡᠢ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠤᠨ ᠥᠪᠡᠷ ᠤᠨ ᠪᠠᠶᠢᠴᠠᠭᠠᠯᠲᠠ ᠶᠢᠨ ᠦᠨᠡᠨᠬᠦ ᠶᠠᠪᠤᠭᠳᠠᠭᠤᠰᠢᠲᠠᠶ ᠰᠠᠨᠠᠯ ᠳᠤᠷᠠᠳᠴᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠶᠤᠯᠭᠦᠶ ᠦᠢᠯᠡᠳᠪᠦᠷᠢᠯᠡᠯ ᠢ ᠴᠢᠬᠤᠯᠠᠴᠢᠯᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠷᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠳ ᠳᠡᠯᠭᠡᠭᠦᠷ ᠤᠨ ᠳᠣᠲᠣᠷᠠᠬᠢ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ᠂ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠮᠢ ᠵᠢᠭᠤᠲᠠᠬᠤ ᠵᠡᠷᠭᠡ ᠮᠡᠳᠡᠯᠭᠡ ᠶᠢᠨ ᠲᠤᠬᠠᠶ ᠲᠠᠶᠢᠯᠤᠮᠵᠢ ᠬᠢᠪᠠ᠃    ᠲᠣᠰ ᠤᠳᠠᠭᠠᠨ ᠤ ᠪᠠᠶᠢᠷᠢᠯᠠᠭᠤᠯᠤᠯᠲᠠ ᠶᠢᠨ ᠪᠣᠯᠪᠠᠰᠤᠷᠠᠭᠤᠯᠤᠯ ᠤᠨ ᠬᠤᠷᠠᠯ ᠨᠢ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠰᠢᠲᠠᠮᠠᠬᠠᠶ ᠬᠡᠶ ᠶᠢᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠭᠠᠯ ᠤᠨᠲᠠᠷᠠᠭᠠᠬᠤ ᠠᠮᠤᠷ ᠲᠦᠪᠰᠢᠨ ᠤ ᠵᠢᠵᠢᠭ ᠮᠡᠳᠡᠯᠭᠡ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠦᠷᠭᠡᠨ ᠥᠭᠴᠦ᠂ ᠰᠠᠷ᠎ᠠ ᠪᠦᠷᠢ ᠰᠢᠲᠠᠮᠠᠬᠠᠢ ᠬᠡᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠵᠢᠴᠢ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠠᠮᠲᠤᠷᠠᠭᠰᠠᠨ ᠡᠭᠡᠯᠵᠢ ᠳᠤᠭᠤᠶᠢᠯᠠᠩ ᠤᠨ ᠲᠤᠷᠰᠢᠯᠲᠠ ᠶᠢᠨ ᠴᠡᠭ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠵᠦ᠂ ᠨᠡᠩ ᠤᠯᠠᠨ ᠵᠢᠵᠢᠭ ᠬᠡᠯᠪᠡᠷᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠬᠠᠮᠲᠤᠷᠠᠭᠰᠠᠨ ᠡᠭᠡᠯᠵᠢ ᠳᠤᠭᠤᠶᠢᠯᠠᠩ ᠪᠠᠶᠢᠭᠤᠯᠬᠤ ᠳᠤ ᠣᠷᠣᠯᠴᠠᠭᠤᠯᠵᠤ᠂ ᠬᠠᠶᠢᠷᠤᠪ ᠤᠨ ᠲᠤᠬᠤᠢ ᠶᠢᠨ ᠬᠤᠳᠠ ᠶᠢᠨ ᠲᠣᠭᠤᠷᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号