ᠪᠣᠯᠵᠣᠨ ᠶᠠᠷᠢᠯᠴᠠᠪᠠ︕ ᠬᠠᠶᠢᠷᠤᠪ ᠤᠨ ᠲᠣᠬᠤᠢ ᠲᠣᠭᠤᠷᠢᠭ ᠰᠢᠨ᠎ᠡ ᠲᠡᠷᠭᠡ ᠲᠠᠯᠪᠢᠬᠤ ᠶᠢ ᠲᠦᠷᠭᠡᠳᠭᠡᠨ ᠠᠬᠢᠭᠤᠯᠤᠨ᠎ᠠ ᠁
ᠨᠡᠶᠢᠲᠡᠯᠡᠭᠰᠡᠨ ᠴᠠᠭ᠄
2024/8/23
    ᠳᠤᠭᠤᠶ ᠲᠡᠷᠭᠡᠨ ᠤ ᠡᠵᠡᠩᠨᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠶᠢᠨ ᠣᠯᠠᠨ ᠨᠡᠶᠢᠲᠡ ᠶᠢᠨ ᠡᠮᠬᠢ ᠳᠢᠭᠯᠢᠮ ᠪᠣᠯᠤᠨ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠬᠦ ᠪᠠ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 22᠎ ᠤᠨ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠮᠧᠢ ᠲᠤᠸᠠᠨ᠂ ᠴᠢᠩ ᠵᠦᠢ᠂ ᠪᠸᠢ ᠶᠤᠸᠠᠨ᠂ ᠵᠠᠯᠠᠭᠤ ᠮᠣᠷᠢᠲᠤ ᠴᠡᠷᠢᠭ ᠵᠡᠷᠭᠡ ᠨᠠᠷᠠᠲᠤ ᠲᠡᠮᠳᠡᠭᠲᠦ ᠶᠢ ᠬᠠᠮᠲᠤ ᠪᠠᠷ ᠡᠳ᠋ᠯᠡᠬᠦ ᠳᠤᠭᠤᠶ ᠲᠡᠷᠭᠡᠨ ᠤ ᠡᠵᠡᠩᠨᠡᠯᠲᠡ ᠶᠢᠨ ᠠᠵᠤ ᠠᠬᠤᠶᠢᠯᠠᠯ ᠲᠠᠢ ᠳᠠᠬᠢᠨᠲᠠ ᠪᠣᠯᠵᠣᠨ ᠶᠠᠷᠢᠯᠴᠠᠪᠠ᠃ ᠪᠣᠯᠵᠣᠨ ᠶᠠᠷᠢᠯᠴᠠᠬᠤ ᠬᠤᠷᠠᠯ ᠳᠡᠭᠡᠷ᠎ᠡ ᠡᠯ᠎ᠡ ᠬᠠᠮᠲᠤ ᠪᠠᠷ ᠡᠳ᠋ᠯᠡᠬᠦ ᠳᠤᠭᠤᠶ ᠲᠡᠷᠭᠡᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠣᠳᠣᠬᠠᠨ ᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢ ᠣᠶᠢᠯᠠᠭᠠᠪᠠ᠃ ᠠᠵᠤ ᠠᠬᠤᠢᠯᠠᠯ ᠤᠳ ᠰᠢᠨ᠎ᠡ ᠲᠡᠷᠭᠡ ᠲᠠᠯᠪᠢᠬᠤ ᠶᠢ ᠲᠦᠷᠭᠡᠳᠭᠡᠨ ᠠᠬᠢᠭᠤᠯᠵᠤ᠂ 8 ᠰᠠᠷ᠎ᠠ ᠶᠢᠨ 31᠎ ᠤ ᠡᠳᠦᠷ ᠠᠴᠠ ᠡᠮᠦᠨ᠎ᠡ ᠬᠠᠭᠤᠴᠢᠨ ᠲᠡᠷᠭᠡ ᠶᠢ ᠬᠤᠷᠢᠶᠠᠨ ᠠᠪᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠰᠢᠨ᠎ᠡ ᠪᠠᠷ ᠲᠠᠯᠪᠢᠭᠰᠠᠨ ᠮᠠᠰᠢᠨ ᠲᠡᠷᠭᠡᠨ ᠳᠤ ᠡᠷᠬᠡᠪᠰᠢ ᠬᠠᠮᠤᠭ ᠤᠨ ᠰᠢᠨ᠎ᠡ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠴᠠᠬᠢᠯᠭᠠᠨ ᠠᠶᠦᠯᠭᠦᠢ ᠶᠢᠨ ᠱᠠᠭᠠᠷᠳᠠᠯᠭ᠎ᠠ︾ ︵GB42295-2022︶᠂ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠡᠷᠡᠭᠯᠡᠬᠦ ᠯᠢᠲ᠋ᠢ ᠶᠢᠨ ᠢᠶᠣᠨ ᠤ ᠴᠠᠬᠢᠯᠭᠠᠨ ᠬᠤᠷᠢᠶᠠᠭᠤᠷ ᠤᠨ ᠠᠶᠦᠯᠭᠦᠢ ᠶᠢᠨ ᠮᠡᠷᠭᠡᠵᠢᠯ ᠤᠨ ᠵᠢᠷᠤᠮᠵᠢᠯ︾ ︵GB4385-2024︶᠂ ︽ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠶᠠᠨᠴᠢᠳ ᠤᠨ ᠳᠤᠭᠤᠯᠠᠭ᠎ᠠ︾ ︵GB811-2022︶ ᠵᠢᠴᠢ ᠠᠵᠢᠯ ᠲᠥᠷᠥᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠬᠡᠷᠪᠡ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠰᠣᠯᠢᠭᠰᠠᠨ ᠦᠭᠡᠢ ᠪᠣᠯ 8 ᠰᠠᠷ᠎ᠠ ᠶᠢᠨ 23᠎ ᠤ ᠡᠳᠦᠷ ᠠᠴᠠ ᠡᠮᠦᠨ᠎ᠡ ᠬᠤᠭᠤᠴᠠᠭ᠎ᠠ ᠤᠷᠲᠤᠳᠬᠠᠭᠰᠠᠨ ᠲᠣᠳᠣᠷᠬᠠᠶᠢᠯᠠᠯᠲᠠ ᠵᠢᠴᠢ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠲᠤᠰᠢᠶᠠᠬᠤ ᠬᠡᠷᠡᠭᠲᠡᠢ᠃
640.jpg     
    ᠠᠳᠡ᠂ ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ ᠲᠤ ᠣᠨᠴᠠᠭᠠᠶᠢᠯᠠᠨ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄    ᠤᠬᠠᠮᠰᠠᠷ ᠠᠴᠠ ᠪᠠᠨ ᠪᠣᠯᠪᠠᠰᠤᠨ ᠤᠬᠠᠮᠰᠠᠷ ᠢᠶᠠᠨ ᠴᠢᠩᠭᠠᠳᠬᠠᠵᠤ᠂ ᠵᠠᠮ ᠬᠠᠷᠢᠯᠴᠠᠭᠠᠨ ᠤ ᠲᠦᠷᠢᠮ ᠢ ᠤᠬᠠᠮᠰᠠᠷ ᠠᠴᠠ ᠪᠠᠨ ᠰᠠᠬᠢᠵᠤ᠂ ᠤᠯᠠᠭᠠᠨ ᠳ᠋ᠧᠩ ᠢ ᠵᠥᠷᠢᠴᠡᠬᠦ ᠦᠭᠡᠢ᠂ ᠰᠥᠷᠭᠡᠦ ᠪᠠᠷ ᠶᠠᠪᠤᠬᠤ ᠦᠭᠡᠢ᠂ ᠬᠠᠤᠯᠢ ᠠᠴᠠ ᠵᠥᠷᠢᠴᠡᠨ ᠬᠥᠮᠦᠨ ᠲᠡᠭᠡᠭᠡᠬᠦ ᠦᠭᠡᠢ᠂ ᠮᠠᠰᠢᠨ ᠲᠡᠷᠭᠡᠨ ᠤ ᠵᠠᠮ ᠳᠤ ᠣᠷᠣᠬᠤ ᠦᠭᠡᠢ ᠂ ᠳᠤᠷ᠎ᠠ ᠪᠠᠷ ᠢᠶᠠᠨ ᠵᠣᠭᠰᠣᠭᠠᠬᠤ ᠦᠭᠡᠢ ᠪᠠᠶᠢᠵᠤ᠂ ᠠᠮᠤᠷ ᠲᠦᠪᠰᠢᠨ ᠤ ᠮᠠᠯᠠᠭᠠᠢ ᠵᠡᠭᠦᠬᠦ ᠶᠢ ᠵᠢᠷᠤᠮᠵᠢᠭᠤᠯᠬᠤ ᠬᠡᠷᠡᠭᠲᠡᠢ᠃    ᠨᠡᠶᠢᠲᠡ ᠶᠢᠨ ᠳᠤᠭᠤᠢ ᠲᠡᠷᠭᠡ ᠵᠣᠭᠰᠣᠭᠠᠬᠤ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠵᠤ᠂ ᠲᠡᠷᠭᠡᠨ ᠦᠵᠦᠭᠦᠷ ᠢ ᠰᠤᠮᠤᠨ ᠦᠵᠦᠭᠦᠷ ᠢᠶᠠᠷ ᠵᠢᠭᠠᠨ ᠲᠣᠭᠲᠠᠭᠠᠵᠤ ᠲᠣᠭᠲᠠᠭᠤᠨ ᠢᠶᠠᠷ ᠲᠣᠬᠢᠷᠠᠭᠤᠯᠵᠤ᠂ ᠶᠠᠪᠠᠭᠠᠨ ᠬᠥᠮᠦᠨ ᠤ ᠵᠠᠮ᠂ ᠲᠡᠷᠭᠡᠨ ᠵᠠᠮ᠂ ᠭᠠᠯ ᠤᠨᠲᠠᠷᠠᠭᠠᠬᠤ ᠵᠠᠮ ᠳᠤ ᠲᠠᠯᠪᠢᠬᠤ ᠦᠭᠡᠢ ᠪᠠᠶᠢᠬᠤ ᠬᠡᠷᠡᠭᠲᠡᠶ᠃    ᠪᠣᠯᠪᠠᠰᠤᠨ ᠪᠤᠰᠤ ᠳᠤᠭᠤᠢ ᠤᠨᠤᠵᠤ ᠶᠠᠪᠤᠬᠤ ᠶᠢ ᠢᠳᠬᠠᠬᠤ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ᠂ ᠤᠯᠠᠨ ᠢᠶᠠᠷ ᠢᠶᠠᠨ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠬᠠᠷᠢᠯᠴᠠᠨ ᠬᠢᠨᠠᠯᠲᠠ ᠲᠠᠯᠪᠢᠵᠤ᠂ ᠳᠤᠷ᠎ᠠ ᠪᠠᠷ ᠢᠶᠠᠨ ᠵᠣᠭᠰᠣᠭᠠᠬᠤ ᠦᠵᠡᠭᠳᠡᠯ ᠢ ᠬᠤᠷᠢᠭᠯᠠᠵᠤ᠂ ᠪᠣᠯᠪᠠᠰᠤᠨ ᠢᠶᠠᠷ ᠵᠣᠭᠰᠣᠬᠤ ᠰᠠᠶᠢᠨ ᠰᠠᠶᠢᠬᠠᠨ ᠵᠠᠩ ᠳᠠᠳᠬᠠᠯ ᠢ ᠪᠤᠢ ᠪᠣᠯᠭᠠᠬᠤ ᠶᠢ ᠬᠦᠰᠡᠵᠦ ᠪᠠᠶᠢᠨ᠎ᠠ᠃    ᠵᠠᠮ ᠬᠠᠷᠢᠯᠴᠠᠭᠠᠨ ᠤ ᠪᠠᠭᠠᠵᠢ ᠶᠢ ᠬᠠᠶᠢᠷᠠᠯᠠᠨ ᠬᠠᠮᠠᠭᠠᠯᠠᠬᠤ ᠪᠠᠷ ᠢᠷᠠᠭᠤ ᠠᠯᠳᠠᠷ ᠢᠶᠠᠨ ᠪᠣᠯᠭᠠᠵᠤ᠂ ᠵᠠᠮ ᠬᠠᠷᠢᠯᠴᠠᠭᠠᠨ ᠤ ᠪᠠᠭᠠᠵᠢ ᠶᠢ ᠡᠪᠳᠡᠬᠦ ᠪᠠᠷ ᠢᠴᠢᠭᠦᠷᠢ ᠰᠤᠨᠵᠢᠭᠤᠷᠢ ᠪᠣᠯᠭᠠᠬᠤ ᠬᠡᠷᠡᠭᠲᠡᠢ᠃ ᠣᠯᠠᠨ ᠨᠡᠶᠢᠲᠡ ᠶᠢᠨ ᠪᠡᠯᠡᠳᠬᠡᠮᠵᠢ ᠶᠢ ᠤᠬᠠᠮᠰᠠᠷ ᠠᠴᠠ ᠪᠠᠨ ᠬᠠᠶᠢᠷᠠᠯᠠᠨ ᠬᠠᠮᠠᠭᠠᠯᠠᠬᠤ ᠳᠠᠳᠬᠠᠯ ᠲᠠᠢ ᠪᠤᠯᠬᠤ ᠬᠡᠷᠡᠭᠲᠡᠢ᠃    ᠪᠢᠳᠡ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ᠡᠳ᠋ᠯᠡᠬᠦ ᠳᠤ ᠲᠥᠬᠦᠮ ᠦᠵᠡᠭᠦᠯᠬᠦ ᠶᠢᠨ ᠬᠠᠮᠲᠤ᠂ ᠨᠠᠩ ᠴᠤ ᠪᠣᠯᠪᠠᠰᠤᠨ ᠢ ᠬᠠᠮᠲᠤ ᠪᠠᠷ ᠡᠳ᠋ᠯᠡᠬᠦ ᠬᠡᠷᠡᠭᠲᠡᠶ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠪᠠᠷ᠂ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ᠨᠠᠩ ᠰᠠᠶᠢᠨ ︽ᠡᠳ᠋ᠯᠡᠬᠦ︾᠎ ᠶᠢ ᠰᠢᠪᠠᠳᠠᠵᠤ᠂ ᠪᠠᠰᠠ ᠥᠷᠭᠡᠨ ᠣᠯᠠᠨ ᠬᠤᠲᠠ ᠶᠢᠨ ᠠᠷᠠᠳ ᠬᠠᠮᠲᠤ ᠪᠠᠷ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠪᠢᠳᠡ ᠬᠠᠮᠲᠤ ᠪᠠᠷ ᠭᠠᠷ ᠬᠤᠯᠪᠣᠯᠴᠠᠨ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠣᠳᠣ ᠠᠴᠠ ᠡᠬᠢᠯᠡᠨ ᠬᠢᠵᠦ᠂ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ᠪᠣᠯᠪᠠᠰᠤᠨ ᠢᠶᠠᠷ ᠬᠡᠷᠡᠭᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠦᠵᠡᠰᠬᠦᠯᠡᠩᠲᠦ ᠰᠠᠶᠢᠬᠠᠨ ᠴᠡᠪᠡᠷ ᠴᠡᠮᠴᠡᠭᠡᠷ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠠᠶᠢᠷᠤᠪ ᠤᠨ ᠲᠣᠬᠤᠢ ᠶᠢ ᠬᠠᠮᠲᠤ ᠪᠠᠷ ᠴᠣᠭᠴᠠᠯᠠᠶ᠎ᠠ︕    ᠳᠤᠭᠤᠶ ᠲᠡᠷᠭᠡᠨ ᠤ ᠠᠵᠢᠯᠯᠠᠭᠠᠨ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠂ ᠰᠠᠨᠠᠭᠤᠯᠬᠤ ᠤᠲᠠᠰᠤ᠄ 0473-6921588      ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ                  2024 ᠣᠨ ᠤ 8 ᠰᠠᠷ᠎ᠠ ᠶᠢᠨ 22᠎ ᠤᠨ ᠡᠳᠦᠷ   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号