ᠳᠤᠭᠤᠶ ᠲᠡᠷᠭᠡᠨ ᠤ ᠡᠵᠡᠩᠨᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠶᠢᠨ | ᠣᠯᠠᠨ ᠨᠡᠶᠢᠲᠡ ᠶᠢᠨ ᠡᠮᠬᠢ ᠳᠢᠭᠯᠢᠮ ᠪᠣᠯᠤᠨ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ | ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠬᠦ ᠪᠠ ᠠᠮᠤᠷ ᠲᠦᠪᠰᠢᠨ ᠢ ᠪᠠᠲᠤᠯᠠᠬᠤ ᠶᠢᠨ | ᠲᠥᠯᠥᠭᠡ᠂ 8 ᠰᠠᠷ᠎ᠠ ᠶᠢᠨ 22 ᠤᠨ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠮᠧᠢ ᠲᠤᠸᠠᠨ᠂ ᠴᠢᠩ ᠵᠦᠢ᠂ ᠪᠸᠢ | ᠶᠤᠸᠠᠨ᠂ ᠵᠠᠯᠠᠭᠤ ᠮᠣᠷᠢᠲᠤ ᠴᠡᠷᠢᠭ ᠵᠡᠷᠭᠡ ᠨᠠᠷᠠᠲᠤ ᠲᠡᠮᠳᠡᠭᠲᠦ ᠶᠢ ᠬᠠᠮᠲᠤ ᠪᠠᠷ ᠡᠳ᠋ᠯᠡᠬᠦ ᠳᠤᠭᠤᠶ ᠲᠡᠷᠭᠡᠨ ᠤ | ᠡᠵᠡᠩᠨᠡᠯᠲᠡ ᠶᠢᠨ ᠠᠵᠤ ᠠᠬᠤᠶᠢᠯᠠᠯ ᠲᠠᠢ ᠳᠠᠬᠢᠨᠲᠠ ᠪᠣᠯᠵᠣᠨ ᠶᠠᠷᠢᠯᠴᠠᠪᠠ᠃ ᠪᠣᠯᠵᠣᠨ ᠶᠠᠷᠢᠯᠴᠠᠬᠤ ᠬᠤᠷᠠᠯ ᠳᠡᠭᠡᠷ᠎ᠡ | ᠡᠯ᠎ᠡ ᠬᠠᠮᠲᠤ ᠪᠠᠷ ᠡᠳ᠋ᠯᠡᠬᠦ ᠳᠤᠭᠤᠶ ᠲᠡᠷᠭᠡᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠣᠳᠣᠬᠠᠨ ᠤ ᠴᠡᠭᠴᠡᠯᠡᠨ | ᠰᠠᠶᠢᠵᠢᠷᠠᠭᠤᠯᠤᠭᠰᠠᠨ ᠠᠬᠢᠴᠠ ᠶᠢ ᠣᠶᠢᠯᠠᠭᠠᠪᠠ᠃ ᠠᠵᠤ ᠠᠬᠤᠢᠯᠠᠯ ᠤᠳ ᠰᠢᠨ᠎ᠡ ᠲᠡᠷᠭᠡ ᠲᠠᠯᠪᠢᠬᠤ ᠶᠢ ᠲᠦᠷᠭᠡᠳᠭᠡᠨ | ᠠᠬᠢᠭᠤᠯᠵᠤ᠂ 8 ᠰᠠᠷ᠎ᠠ ᠶᠢᠨ 31 ᠤ ᠡᠳᠦᠷ ᠠᠴᠠ ᠡᠮᠦᠨ᠎ᠡ ᠬᠠᠭᠤᠴᠢᠨ ᠲᠡᠷᠭᠡ ᠶᠢ ᠬᠤᠷᠢᠶᠠᠨ ᠠᠪᠬᠤ ᠶᠢ | ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠰᠢᠨ᠎ᠡ ᠪᠠᠷ ᠲᠠᠯᠪᠢᠭᠰᠠᠨ ᠮᠠᠰᠢᠨ ᠲᠡᠷᠭᠡᠨ ᠳᠤ ᠡᠷᠬᠡᠪᠰᠢ ᠬᠠᠮᠤᠭ ᠤᠨ | ᠰᠢᠨ᠎ᠡ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ | ᠴᠠᠬᠢᠯᠭᠠᠨ ᠠᠶᠦᠯᠭᠦᠢ ᠶᠢᠨ ᠱᠠᠭᠠᠷᠳᠠᠯᠭ᠎ᠠ︾ ︵GB42295-2022︶᠂ ︽ᠴᠠᠬᠢᠯᠭᠠᠨ ᠬᠥᠳᠡᠯᠭᠡᠭᠦᠷᠲᠦ | ᠳᠤᠭᠤᠶ ᠲᠡᠷᠭᠡᠨ ᠤ ᠬᠡᠷᠡᠭᠯᠡᠬᠦ ᠯᠢᠲ᠋ᠢ ᠶᠢᠨ ᠢᠶᠣᠨ ᠤ ᠴᠠᠬᠢᠯᠭᠠᠨ ᠬᠤᠷᠢᠶᠠᠭᠤᠷ ᠤᠨ ᠠᠶᠦᠯᠭᠦᠢ ᠶᠢᠨ ᠮᠡᠷᠭᠡᠵᠢᠯ ᠤᠨ | ᠵᠢᠷᠤᠮᠵᠢᠯ︾ ︵GB4385-2024︶᠂ ︽ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠤ ᠠᠶᠠᠨᠴᠢᠳ ᠤᠨ ᠳᠤᠭᠤᠯᠠᠭ᠎ᠠ︾ ︵GB811-2022︶ ᠵᠢᠴᠢ ᠠᠵᠢᠯ ᠲᠥᠷᠥᠯ ᠤᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠬᠡᠷᠪᠡ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠰᠣᠯᠢᠭᠰᠠᠨ | ᠦᠭᠡᠢ ᠪᠣᠯ 8 ᠰᠠᠷ᠎ᠠ ᠶᠢᠨ 23 ᠤ ᠡᠳᠦᠷ ᠠᠴᠠ ᠡᠮᠦᠨ᠎ᠡ ᠬᠤᠭᠤᠴᠠᠭ᠎ᠠ ᠤᠷᠲᠤᠳᠬᠠᠭᠰᠠᠨ ᠲᠣᠳᠣᠷᠬᠠᠶᠢᠯᠠᠯᠲᠠ ᠵᠢᠴᠢ | ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠲᠤᠰᠢᠶᠠᠬᠤ ᠬᠡᠷᠡᠭᠲᠡᠢ᠃ | | ᠠᠳᠡ᠂ ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ ᠲᠤ ᠣᠨᠴᠠᠭᠠᠶᠢᠯᠠᠨ ᠳᠣᠣᠷᠠᠬᠢ ᠮᠡᠲᠦ | ᠰᠠᠨᠠᠭᠠᠴᠢᠯᠠᠭ᠎ᠠ ᠭᠠᠷᠭᠠᠪᠠ᠄ | ᠤᠬᠠᠮᠰᠠᠷ ᠠᠴᠠ ᠪᠠᠨ ᠪᠣᠯᠪᠠᠰᠤᠨ ᠤᠬᠠᠮᠰᠠᠷ ᠢᠶᠠᠨ ᠴᠢᠩᠭᠠᠳᠬᠠᠵᠤ᠂ ᠵᠠᠮ ᠬᠠᠷᠢᠯᠴᠠᠭᠠᠨ ᠤ ᠲᠦᠷᠢᠮ ᠢ | ᠤᠬᠠᠮᠰᠠᠷ ᠠᠴᠠ ᠪᠠᠨ ᠰᠠᠬᠢᠵᠤ᠂ ᠤᠯᠠᠭᠠᠨ ᠳ᠋ᠧᠩ ᠢ ᠵᠥᠷᠢᠴᠡᠬᠦ ᠦᠭᠡᠢ᠂ ᠰᠥᠷᠭᠡᠦ ᠪᠠᠷ ᠶᠠᠪᠤᠬᠤ ᠦᠭᠡᠢ᠂ | ᠬᠠᠤᠯᠢ ᠠᠴᠠ ᠵᠥᠷᠢᠴᠡᠨ ᠬᠥᠮᠦᠨ ᠲᠡᠭᠡᠭᠡᠬᠦ ᠦᠭᠡᠢ᠂ ᠮᠠᠰᠢᠨ ᠲᠡᠷᠭᠡᠨ ᠤ ᠵᠠᠮ ᠳᠤ ᠣᠷᠣᠬᠤ ᠦᠭᠡᠢ ᠂ | ᠳᠤᠷ᠎ᠠ ᠪᠠᠷ ᠢᠶᠠᠨ ᠵᠣᠭᠰᠣᠭᠠᠬᠤ ᠦᠭᠡᠢ ᠪᠠᠶᠢᠵᠤ᠂ ᠠᠮᠤᠷ ᠲᠦᠪᠰᠢᠨ ᠤ ᠮᠠᠯᠠᠭᠠᠢ ᠵᠡᠭᠦᠬᠦ ᠶᠢ ᠵᠢᠷᠤᠮᠵᠢᠭᠤᠯᠬᠤ | ᠬᠡᠷᠡᠭᠲᠡᠢ᠃ | ᠨᠡᠶᠢᠲᠡ ᠶᠢᠨ ᠳᠤᠭᠤᠢ ᠲᠡᠷᠭᠡ ᠵᠣᠭᠰᠣᠭᠠᠬᠤ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠵᠤ᠂ ᠲᠡᠷᠭᠡᠨ | ᠦᠵᠦᠭᠦᠷ ᠢ ᠰᠤᠮᠤᠨ ᠦᠵᠦᠭᠦᠷ ᠢᠶᠠᠷ ᠵᠢᠭᠠᠨ ᠲᠣᠭᠲᠠᠭᠠᠵᠤ ᠲᠣᠭᠲᠠᠭᠤᠨ ᠢᠶᠠᠷ ᠲᠣᠬᠢᠷᠠᠭᠤᠯᠵᠤ᠂ ᠶᠠᠪᠠᠭᠠᠨ | ᠬᠥᠮᠦᠨ ᠤ ᠵᠠᠮ᠂ ᠲᠡᠷᠭᠡᠨ ᠵᠠᠮ᠂ ᠭᠠᠯ ᠤᠨᠲᠠᠷᠠᠭᠠᠬᠤ ᠵᠠᠮ ᠳᠤ ᠲᠠᠯᠪᠢᠬᠤ ᠦᠭᠡᠢ ᠪᠠᠶᠢᠬᠤ ᠬᠡᠷᠡᠭᠲᠡᠶ᠃ | ᠪᠣᠯᠪᠠᠰᠤᠨ ᠪᠤᠰᠤ ᠳᠤᠭᠤᠢ ᠤᠨᠤᠵᠤ ᠶᠠᠪᠤᠬᠤ ᠶᠢ ᠢᠳᠬᠠᠬᠤ᠂ ᠳᠤᠷ᠎ᠠ ᠪᠠᠷ ᠢᠶᠠᠨ ᠵᠣᠭᠰᠣᠭᠠᠵᠤ | ᠳᠤᠷ᠎ᠠ ᠪᠠᠷ ᠢᠶᠠᠨ ᠲᠠᠯᠪᠢᠬᠤ ᠵᠡᠷᠭᠡ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ᠂ ᠤᠯᠠᠨ ᠢᠶᠠᠷ ᠢᠶᠠᠨ | ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠬᠠᠷᠢᠯᠴᠠᠨ ᠬᠢᠨᠠᠯᠲᠠ ᠲᠠᠯᠪᠢᠵᠤ᠂ ᠳᠤᠷ᠎ᠠ ᠪᠠᠷ ᠢᠶᠠᠨ ᠵᠣᠭᠰᠣᠭᠠᠬᠤ | ᠦᠵᠡᠭᠳᠡᠯ ᠢ ᠬᠤᠷᠢᠭᠯᠠᠵᠤ᠂ ᠪᠣᠯᠪᠠᠰᠤᠨ ᠢᠶᠠᠷ ᠵᠣᠭᠰᠣᠬᠤ ᠰᠠᠶᠢᠨ ᠰᠠᠶᠢᠬᠠᠨ ᠵᠠᠩ ᠳᠠᠳᠬᠠᠯ ᠢ ᠪᠤᠢ ᠪᠣᠯᠭᠠᠬᠤ ᠶᠢ | ᠬᠦᠰᠡᠵᠦ ᠪᠠᠶᠢᠨ᠎ᠠ᠃ | ᠵᠠᠮ ᠬᠠᠷᠢᠯᠴᠠᠭᠠᠨ ᠤ ᠪᠠᠭᠠᠵᠢ ᠶᠢ ᠬᠠᠶᠢᠷᠠᠯᠠᠨ ᠬᠠᠮᠠᠭᠠᠯᠠᠬᠤ ᠪᠠᠷ ᠢᠷᠠᠭᠤ ᠠᠯᠳᠠᠷ ᠢᠶᠠᠨ ᠪᠣᠯᠭᠠᠵᠤ᠂ ᠵᠠᠮ | ᠬᠠᠷᠢᠯᠴᠠᠭᠠᠨ ᠤ ᠪᠠᠭᠠᠵᠢ ᠶᠢ ᠡᠪᠳᠡᠬᠦ ᠪᠠᠷ ᠢᠴᠢᠭᠦᠷᠢ ᠰᠤᠨᠵᠢᠭᠤᠷᠢ ᠪᠣᠯᠭᠠᠬᠤ ᠬᠡᠷᠡᠭᠲᠡᠢ᠃ ᠣᠯᠠᠨ ᠨᠡᠶᠢᠲᠡ ᠶᠢᠨ | ᠪᠡᠯᠡᠳᠬᠡᠮᠵᠢ ᠶᠢ ᠤᠬᠠᠮᠰᠠᠷ ᠠᠴᠠ ᠪᠠᠨ ᠬᠠᠶᠢᠷᠠᠯᠠᠨ ᠬᠠᠮᠠᠭᠠᠯᠠᠬᠤ ᠳᠠᠳᠬᠠᠯ ᠲᠠᠢ ᠪᠤᠯᠬᠤ ᠬᠡᠷᠡᠭᠲᠡᠢ᠃ | ᠪᠢᠳᠡ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ᠡᠳ᠋ᠯᠡᠬᠦ ᠳᠤ ᠲᠥᠬᠦᠮ ᠦᠵᠡᠭᠦᠯᠬᠦ ᠶᠢᠨ ᠬᠠᠮᠲᠤ᠂ ᠨᠠᠩ ᠴᠤ | ᠪᠣᠯᠪᠠᠰᠤᠨ ᠢ ᠬᠠᠮᠲᠤ ᠪᠠᠷ ᠡᠳ᠋ᠯᠡᠬᠦ ᠬᠡᠷᠡᠭᠲᠡᠶ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠪᠠᠷ᠂ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ | ᠨᠠᠩ ᠰᠠᠶᠢᠨ ︽ᠡᠳ᠋ᠯᠡᠬᠦ︾ ᠶᠢ ᠰᠢᠪᠠᠳᠠᠵᠤ᠂ ᠪᠠᠰᠠ ᠥᠷᠭᠡᠨ ᠣᠯᠠᠨ ᠬᠤᠲᠠ ᠶᠢᠨ ᠠᠷᠠᠳ ᠬᠠᠮᠲᠤ ᠪᠠᠷ ᠬᠢᠨᠠᠯᠲᠠ | ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠪᠢᠳᠡ ᠬᠠᠮᠲᠤ ᠪᠠᠷ ᠭᠠᠷ ᠬᠤᠯᠪᠣᠯᠴᠠᠨ᠂ ᠥᠪᠡᠷ ᠤᠨ | ᠪᠡᠶ᠎ᠡ ᠠᠴᠠ ᠪᠠᠨ ᠡᠬᠢᠯᠡᠨ ᠬᠢᠵᠦ᠂ ᠣᠳᠣ ᠠᠴᠠ ᠡᠬᠢᠯᠡᠨ ᠬᠢᠵᠦ᠂ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ | ᠪᠣᠯᠪᠠᠰᠤᠨ ᠢᠶᠠᠷ ᠬᠡᠷᠡᠭᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠦᠵᠡᠰᠬᠦᠯᠡᠩᠲᠦ ᠰᠠᠶᠢᠬᠠᠨ ᠴᠡᠪᠡᠷ ᠴᠡᠮᠴᠡᠭᠡᠷ᠂ | ᠣᠷᠣᠰᠢᠨ ᠰᠠᠭᠤᠬᠤ ᠳᠤ ᠲᠣᠬᠢᠷᠠᠮᠵᠢᠲᠠᠶ ᠬᠠᠶᠢᠷᠤᠪ ᠤᠨ ᠲᠣᠬᠤᠢ ᠶᠢ ᠬᠠᠮᠲᠤ ᠪᠠᠷ ᠴᠣᠭᠴᠠᠯᠠᠶ᠎ᠠ︕ | ᠳᠤᠭᠤᠶ ᠲᠡᠷᠭᠡᠨ ᠤ ᠠᠵᠢᠯᠯᠠᠭᠠᠨ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠂ ᠰᠠᠨᠠᠭᠤᠯᠬᠤ ᠤᠲᠠᠰᠤ᠄ | 0473-6921588 | | ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ | 2024 ᠣᠨ ᠤ 8 ᠰᠠᠷ᠎ᠠ ᠶᠢᠨ 22 ᠤᠨ ᠡᠳᠦᠷ | |