ᠰᠢᠨ ᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠳᠡᠭᠡᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠬᠠᠷᠢᠶ᠎ᠠ ᠣᠷᠣᠨ ᠤ ᠣᠯᠠᠨ ᠲᠦᠮᠡᠨ ᠤ ︽ᠠᠮᠤᠷ ᠲᠦᠪᠰᠢᠨ ᠤ ᠰᠢᠬᠦᠷ︾᠎ ᠢ ᠪᠣᠶ ᠪᠣᠯᠭᠠᠪᠠ
ᠨᠡᠶᠢᠲᠡᠯᠡᠭᠰᠡᠨ ᠴᠠᠭ᠄
2024/8/26
    ᠬᠠᠷᠢᠶᠠᠲᠤ ᠣᠷᠣᠨ ᠤ ᠳᠣᠲᠣᠷᠠᠬᠢ ᠢᠳᠡᠭᠡᠨ ᠤ ᠠᠶᠤᠯ ᠦᠭᠡᠶ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠡᠵᠡᠩᠨᠡᠭᠴᠢ ᠶᠢᠨ ᠢᠳᠡᠭᠡᠨ ᠤ ᠠᠶᠤᠯ ᠦᠭᠡᠶ ᠶᠢᠨ ᠦᠵᠡᠯ ᠤᠬᠠᠮᠰᠠᠷ ᠪᠣᠯᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠬᠤ ᠶᠢᠨ ᠲᠤᠰᠠᠳᠠ᠂ ᠣᠶᠢᠷ᠎ᠠ ᠳᠤ᠂ ᠰᠢᠨᠬᠤᠸᠠ ᠵᠡᠭᠡᠯᠢ ᠭᠤᠳᠤᠮᠵᠢ ᠶᠢᠨ ᠬᠢᠨ ᠳᠠᠭᠠᠳᠬᠠᠯ ᠢ ᠳᠠᠭᠠᠭᠠᠴᠢᠯᠠᠬᠤ ᠺᠠᠳ᠋ᠷᠴᠤᠳ ᠢ ᠵᠣᠬᠢᠶᠠᠨ ᠪᠠᠶᠢᠭᠤᠯᠵᠤ ᠬᠠᠷᠢᠶᠠᠲᠤ ᠣᠷᠣᠨ ᠤ ᠬᠡᠲᠦ ᠳᠡᠯᠭᠡᠭᠦᠷ᠂ ᠢᠳᠡᠭᠡᠨ ᠤᠮᠳᠠᠭᠠᠨ ᠵᠡᠷᠭᠡ ᠡᠵᠡᠩᠨᠡᠯᠲᠡ ᠶᠢᠨ ᠲᠠᠯᠠᠪᠤᠷ ᠲᠤ ᠭᠦᠨᠵᠡᠭᠡᠶᠢᠷᠡᠨ ᠢᠳᠡᠭᠡᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃
36866.png   
    ᠵᠢᠭᠰᠠᠭᠠᠨ ᠪᠠᠶᠢᠴᠠᠭᠠᠬᠤ ᠶᠠᠪᠤᠴᠠ ᠳᠤ᠂ ᠳᠠᠭᠠᠭᠠᠴᠢᠯᠠᠭᠰᠠᠨ ᠺᠠᠳ᠋ᠷᠴᠤᠳ ᠳᠡᠯᠭᠡᠭᠦᠷ ᠤᠨ ᠡᠵᠡᠩᠨᠡᠭᠴᠢ ᠶᠢᠨ ᠡᠵᠡᠩᠨᠡᠯᠲᠡ ᠶᠢᠨ ᠣᠷᠴᠢᠨ ᠲᠣᠭᠤᠷᠢᠨ᠂ ᠭᠡᠷᠡᠴᠢ ᠦᠨᠡᠮᠯᠡᠯ ᠤᠨ ᠮᠡᠳᠡᠭᠡ ᠵᠠᠩᠭᠢ᠂ ᠪᠠᠷᠠᠭ᠎ᠠ ᠣᠷᠣᠭᠤᠯᠬᠤ ᠠᠷᠭ᠎ᠠ ᠵᠠᠮ ᠵᠡᠷᠭᠡ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠬᠤᠳᠠᠯᠳᠤᠭᠠᠴᠢᠳ ᠲᠤ ᠢᠳᠡᠭᠡᠨ ᠤ ᠠᠮᠤᠷ ᠲᠦᠪᠰᠢᠨ ᠤ ᠳᠠᠯᠳᠠ ᠭᠡᠮ ᠢ ᠰᠡᠷᠭᠡᠶᠢᠯᠡᠬᠦ ᠶᠢ ᠠᠩᠬᠠᠷᠴᠤ᠂ ᠡᠳ᠋ ᠪᠠᠷᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠭᠠᠯᠠᠨ ᠪᠦᠷᠢᠳᠬᠡᠵᠦ᠂ ᠬᠤᠭᠤᠴᠠᠭ᠎ᠠ ᠬᠡᠲᠦᠷᠡᠭᠰᠡᠨ ᠢᠳᠡᠭᠡᠨ ᠢ ᠴᠠᠭ ᠲᠤᠬᠠᠶ ᠳᠤᠨᠢ ᠴᠡᠪᠡᠷᠯᠡᠨ ᠠᠷᠢᠯᠭᠠᠬᠤ ᠬᠡᠷᠡᠭᠲᠡᠶ ᠭᠡᠵᠦ ᠰᠠᠨᠠᠭᠤᠯᠪᠠ᠃ ᠡᠭᠦᠨ ᠤ ᠬᠠᠮᠲᠤ᠂ ᠠᠵᠢᠯᠲᠠᠳ ᠪᠠᠰᠠ ᠰᠠᠭᠤᠭᠠᠯᠢ ᠠᠷᠠᠳ ᠲᠤ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠢᠳᠡᠭᠡᠨ ᠤ ᠠᠮᠤᠷ ᠲᠦᠪᠰᠢᠨ ᠤ ᠬᠠᠮᠢᠶ᠎ᠠ ᠪᠥᠬᠦᠶ ᠮᠡᠳᠡᠯᠭᠡ ᠶᠢ ᠤᠬᠠᠭᠤᠯᠵᠤ᠂ ᠡᠳᠦᠷ ᠲᠤᠲᠤᠮ ᠤᠨ ᠠᠮᠢᠳᠤᠷᠠᠯ ᠳᠤ ᠲᠤᠯᠭᠠᠷᠠᠵᠤ ᠮᠡᠳᠡᠬᠦ ᠢᠳᠡᠭᠡᠨ ᠤ ᠠᠮᠤᠷ ᠲᠦᠪᠰᠢᠨ ᠤ ᠠᠰᠠᠭᠤᠳᠠᠯ ᠵᠡᠷᠭᠡ ᠶᠡᠷᠦ ᠶᠢᠨ ᠮᠡᠳᠡᠯᠭᠡ ᠶᠢ ᠨᠠᠷᠢᠨ ᠲᠠᠨᠢᠯᠴᠠᠭᠤᠯᠪᠠ᠃ ᠡᠭᠦᠨ ᠤ ᠬᠠᠮᠲᠤ ᠰᠠᠭᠤᠭᠠᠯᠢ ᠠᠷᠠᠳ ᠲᠤ ᠢᠳᠡᠭᠡᠨ ᠬᠤᠳᠠᠯᠳᠤᠨ ᠠᠪᠬᠤ ᠳᠠᠭᠠᠨ ᠪᠣᠭᠤᠳᠠᠯ ᠪᠠᠭᠯᠠᠭ᠎ᠠ ᠳᠡᠭᠡᠷ᠎ᠡ ᠢᠳᠡᠭᠡᠨ ᠤ ᠭᠡᠷᠡᠴᠢᠯᠡᠯ ᠤᠨ ᠲᠡᠮᠳᠡᠭ ᠪᠠᠶᠢᠬᠤ ᠡᠰᠡᠬᠦ᠂ ᠮᠠᠲ᠋ᠧᠷᠢᠶᠠᠯ ᠨᠠᠶᠢᠷᠠᠭᠤᠯᠬᠤ ᠬᠦᠰᠦᠨᠦᠭ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ᠂ ᠤᠶᠢᠯᠡᠳᠪᠤᠷᠢᠯᠠᠯ ᠤᠨ ᠭᠠᠵᠠᠷ᠂ ᠤᠶᠢᠯᠡᠳᠪᠤᠷᠢᠯᠠᠯ ᠤᠨ ᠬᠠᠶ᠋ᠢᠭ ᠵᠡᠷᠭᠡ ᠮᠡᠳᠡᠭᠡ ᠵᠠᠩᠭᠢ ᠶᠢ ᠪᠠᠶᠢᠴᠠᠭᠠᠨ ᠦᠵᠡᠬᠦ ᠬᠡᠷᠡᠭᠲᠡᠶ ᠭᠡᠵᠦ ᠰᠠᠨᠠᠭᠤᠯᠪᠠ᠃
36865.png   
    ᠲᠣᠰ ᠤᠳᠠᠭᠠᠨ ᠤ ᠢᠳᠡᠭᠡᠨ ᠤ ᠠᠮᠤᠷ ᠲᠦᠪᠰᠢᠨ ᠤ ᠶᠡᠭᠡ ᠵᠢᠭᠰᠠᠭᠠᠨ ᠪᠠᠶᠢᠴᠠᠭᠠᠬᠤ ᠠᠵᠢᠯᠯᠠᠭ᠎ᠠ ᠨᠢ ᠬᠡᠷᠡᠭ ᠡᠷᠬᠢᠯᠡᠬᠦ ᠭᠠᠵᠠᠷ ᠲᠤ ᠬᠠᠷᠢᠶᠠᠲᠤ ᠣᠷᠣᠨ ᠤ ᠢᠳᠡᠭᠡᠨ ᠤᠮᠳᠠᠭᠠᠨ ᠤ ᠳᠡᠯᠭᠡᠭᠦᠷ᠂ ᠬᠤᠯᠢᠰᠢᠨ ᠢᠳᠡᠭᠡᠨ ᠤ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠲᠠᠷᠠᠭᠠᠴᠢ ᠶᠢᠨ ᠠᠯᠬᠤᠮ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠦᠴᠦᠲᠡᠶ ᠦᠨᠳᠦᠰᠦᠯᠡᠯ ᠬᠠᠩᠭᠠᠭᠰᠠᠨ ᠪᠠᠶᠢᠨ᠎ᠠ᠂ ᠵᠠᠯᠭᠠᠭᠠᠳ ᠪᠢᠳᠡ ᠢᠳᠡᠭᠡᠨ ᠤ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠰᠠᠭᠤᠭᠠᠯᠢ ᠠᠷᠠᠳ ᠲᠤ ᠨᠠᠩ ᠠᠮᠤᠷ ᠲᠦᠪᠰᠢᠨ ᠢᠳᠡᠭᠡᠨ ᠤ ᠣᠷᠴᠢᠨ ᠨᠥᠬᠦᠴᠡᠯ ᠢ ᠬᠠᠩᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号