ᠠᠳᠠᠯ ᠠᠬᠤᠶ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠢ ᠥᠷᠨᠢᠭᠦᠯᠵᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/8/29
    ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠪᠦᠷᠢᠳᠭᠡᠨ ᠳᠠᠩᠰᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠬᠢᠷᠢ ᠬᠡᠮᠵᠢᠶ᠎ᠡ ᠶᠢ ᠪᠠᠲᠤᠳᠬᠠᠨ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠠᠳᠠᠯ ᠠᠬᠤᠢ ᠪᠠ ᠰᠠᠭᠤᠭᠠᠯᠢ ᠠᠷᠠᠳ ᠤᠨ ᠬᠠᠷᠢᠴᠠᠭ᠎ᠠ ᠶᠢ ᠠᠭᠤᠰᠤᠯᠴᠠᠭᠤᠯᠤᠨ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠤᠰᠠᠳᠠ᠂ 8 ᠰᠠᠷ᠎ᠠ ᠶᠢᠨ 26᠎ ᠤ ᠡᠳᠦᠷ ᠤᠨ ᠦᠳᠡ ᠶᠢᠨ ᠡᠮᠦᠨ᠎ᠡ᠂ ᠵᠡᠭᠡᠯᠢ ᠭᠤᠳᠤᠮᠵᠢ ᠶᠢᠨ ᠬᠢᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠳᠠᠩᠰᠠᠯᠠᠭᠤᠯᠬᠤ ᠰᠢᠰᠲ᠋ᠧᠮ ᠵᠢᠴᠢ ᠠᠳᠠᠯ ᠠᠬᠤᠶ ᠶᠢᠨ ᠦᠢᠯᠡᠴᠢᠯᠡᠭᠡᠨ ᠤ ᠢᠲᠡᠭᠡᠮᠵᠢ ᠶᠢᠨ ᠦᠨᠡᠯᠡᠬᠦ ᠠᠷᠭ᠎ᠠ ᠶᠢᠨ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃
37275.png   
    ᠬᠤᠷᠠᠯ ᠠᠴᠠ ᠡᠩ ᠲᠡᠷᠢᠭᠦᠨ ᠳᠤ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠳᠠᠩᠰᠠᠯᠠᠭᠤᠯᠬᠤ ᠰᠢᠰᠲ᠋ᠧᠮ ᠤᠨ ᠴᠢᠬᠤᠯᠠ ᠴᠢᠨᠠᠷ ᠢ ᠴᠢᠬᠤᠯᠠᠴᠢᠯᠠᠪᠠ᠄ ᠳᠠᠩᠰᠠᠯᠠᠬᠤ ᠰᠢᠰᠲ᠋ᠧᠮ ᠪᠣᠯ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠵᠢᠷᠤᠮᠵᠢᠭᠰᠠᠨ ᠬᠠᠮᠢᠶᠠᠷᠤᠯᠲᠠ ᠶᠢ ᠪᠡᠶᠡᠯᠡᠭᠦᠯᠬᠦ᠂ ᠠᠵᠢᠯ ᠲᠥᠷᠥᠯ ᠤᠨ ᠬᠢᠨᠠᠯᠲᠠ ᠶᠢ ᠴᠢᠩᠭᠠᠳᠬᠠᠬᠤ ᠪᠦᠲᠦᠮᠵᠢᠲᠡᠶ ᠠᠷᠭ᠎ᠠ ᠪᠠᠷᠢᠯ ᠮᠥᠨ᠂ ᠡᠯ᠎ᠡ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠳᠠᠩᠰᠠᠯᠠᠭᠤᠯᠬᠤ ᠰᠢᠰᠲ᠋ᠧᠮ ᠤᠨ ᠠᠵᠢᠯᠯᠠᠭᠠᠨ ᠤ ᠶᠠᠪᠤᠴᠠ ᠪᠠ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠬᠤ ᠬᠡᠷᠡᠭᠲᠡᠶ᠃ ᠳᠠᠷᠠᠭ᠎ᠠ ᠳᠤᠨᠢ᠂ ᠠᠳᠠᠯ ᠠᠬᠤᠢ ᠶᠢᠨ ᠢᠲᠡᠭᠡᠮᠵᠢ ᠶᠢᠨ ᠦᠨᠡᠯᠡᠯᠲᠡ ᠶᠢᠨ ᠠᠷᠭ᠎ᠠ ᠶᠢᠨ ᠲᠣᠭᠤᠷᠢᠨ ᠳᠤ ᠲᠠᠶᠢᠯᠤᠮᠵᠢ ᠬᠢᠵᠦ᠂ ᠲᠠᠶᠢᠯᠤᠮᠵᠢ ᠶᠢᠨ ᠠᠭᠤᠯᠭ᠎ᠠ ᠳᠤ ᠢᠲᠡᠭᠡᠮᠵᠢ ᠶᠢᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ᠂ ᠦᠨᠡᠯᠡᠬᠦ ᠳᠡᠰ ᠳᠠᠷᠠᠭᠠᠯᠠᠯ᠂ ᠢᠲᠡᠭᠡᠮᠵᠢ ᠶᠢᠨ ᠵᠡᠷᠭᠡ ᠳᠡᠰ ᠤᠨ ᠬᠤᠪᠢᠶᠠᠷᠢᠯᠠᠯ ᠵᠢᠴᠢ ᠢᠲᠡᠭᠡᠮᠵᠢ ᠶᠢᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠵᠡᠷᠭᠡ ᠣᠯᠠᠨ ᠲᠠᠯ᠎ᠠ ᠶᠢ ᠪᠠᠭᠲᠠᠭᠠᠵᠤ᠂ ᠢᠲᠡᠭᠡᠮᠵᠢ ᠶᠢᠨ ᠦᠨᠡᠯᠡᠯᠲᠡ ᠶᠢᠨ ᠶᠠᠪᠤᠴᠠ ᠳᠤ ᠵᠢᠷᠤᠮᠯᠠᠬᠤ ᠶᠣᠰᠣᠲᠠᠢ ᠳᠦᠷᠢᠮ ᠪᠠ ᠠᠩᠬᠠᠷᠬᠤ ᠵᠦᠢᠯᠡᠰ ᠢ ᠲᠣᠳᠣᠷᠬᠠᠶᠢᠯᠠᠵᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠪᠣᠳᠠᠲᠠᠢ ᠠᠵᠢᠯ ᠤᠨ ᠳᠤᠮᠳᠠ ᠳᠡᠮᠵᠢᠯᠭᠡ ᠪᠠ ᠬᠠᠪᠰᠤᠷᠤᠯᠭ᠎ᠠ ᠬᠠᠩᠭᠠᠨ᠎ᠠ᠃ ᠡᠴᠦᠰ ᠲᠤ᠂ ᠪᠣᠯᠪᠠᠰᠤᠷᠠᠭᠤᠯᠤᠭᠴᠢ ᠶᠢᠨ ᠳᠤᠷᠠᠳᠤᠭᠰᠠᠨ ᠬᠤᠯᠪᠣᠭᠳᠠᠯ ᠪᠦᠬᠦᠢ ᠠᠰᠠᠭᠤᠳᠠᠯ ᠳᠤ ᠴᠢᠭᠯᠡᠭᠦᠯᠦᠨ ᠮᠠᠳᠠᠭ ᠲᠠᠢ ᠠᠰᠠᠭᠤᠳᠠᠯ ᠢ ᠬᠠᠷᠢᠭᠤᠯᠪᠠ᠃    ᠲᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠬᠢᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠳᠠᠩᠰᠠᠯᠠᠭᠤᠯᠬᠤ ᠰᠢᠰᠲ᠋ᠧᠮ᠂ ᠠᠳᠠᠯ ᠠᠬᠤᠶ ᠶᠢᠨ ᠦᠢᠯᠡᠴᠢᠯᠡᠭᠡᠨ ᠤ ᠢᠲᠡᠭᠡᠮᠵᠢ ᠶᠢ ᠦᠨᠡᠯᠡᠬᠦ ᠠᠷᠭ᠎ᠠ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠤᠨ ᠭᠤᠤᠯᠳᠠᠯᠭ᠎ᠠ ᠶᠢ ︽ᠵᠣᠬᠢᠶᠠᠨ ᠪᠠᠶᠢᠭᠤᠯᠤᠯᠳᠠ︾᠎ ᠠᠴᠠ ︽ᠦᠢᠯᠡᠳᠦᠯ ᠦᠵᠡᠭᠦᠯᠬᠦ︾᠂ ︽ᠵᠥᠷᠢᠴᠡᠯ ᠢ ᠰᠢᠢᠤᠡᠪᠤᠷᠢᠯᠡᠬᠦ︾ ᠳᠠᠰᠢ ᠰᠢᠯᠵᠢᠭᠦᠯᠬᠦ ᠶᠢ ᠴᠢᠩᠭ᠎ᠠ ᠠᠳᠬᠤᠵᠤ᠂ ᠠᠵᠢᠯ ᠤᠨ ᠵᠥᠪᠯᠡᠯ ᠪᠠ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠤᠨ ᠵᠢᠷᠤᠮᠵᠢᠭᠤᠯᠤᠯᠲᠠ ᠶᠢ ᠠᠬᠢᠭᠤᠯᠵᠤ᠂ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ︽ᠵᠠᠩᠭᠢᠯᠠᠭ᠎ᠠ ᠶᠢᠨ ᠪᠠᠭ᠎ᠠ ᠶᠠᠪᠤᠳᠠᠯ︾᠎ ᠢ ᠦᠨᠡᠨ ᠬᠦ ᠰᠠᠶᠢᠲᠤᠷ ᠬᠢᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠪᠠᠶᠢᠭᠤᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号