ᠨᠢᠭᠡ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠥᠷᠲᠡᠭᠡ ︵ᠴᠡᠭ︶ ᠶᠢᠨ ᠪᠦᠲᠦᠭᠡᠨ | ᠪᠠᠶᠢᠭᠤᠯᠤᠯᠲᠠ ᠶᠢᠨ ᠡᠵᠡᠩᠨᠡᠯᠲᠡ ᠶᠢᠨ ᠪᠠᠷᠢᠮᠵᠢᠶ᠎ᠠ | 1. ᠬᠤᠷᠢᠶᠠᠨ ᠠᠪᠬᠤ ᠥᠷᠲᠡᠭᠡ ︵ᠴᠡᠭ︶ ᠶᠢᠨ ᠭᠡᠷᠡᠴᠢ ᠦᠨᠡᠮᠯᠡᠯ᠂ ᠬᠢᠷᠢ ᠬᠡᠮ ᠨᠢ ᠪᠦᠷᠢᠨ ᠭᠦᠢᠴᠡᠳ᠂ | ᠬᠠᠷᠢᠭᠤᠴᠠᠯᠭᠠᠲᠠᠨ ᠨᠢ ᠬᠤᠪᠢ ᠬᠥᠮᠦᠨ ᠤ ᠭᠡᠷᠡᠴᠢ ᠮᠠᠲ᠋ᠧᠷᠢᠶᠠᠯ ᠲᠠᠢ ᠪᠠᠶᠢᠵᠤ᠂ ᠬᠠᠮᠢᠶ᠎ᠠ ᠪᠥᠬᠦᠶ ᠠᠵᠢᠯᠯᠠᠭᠰᠠᠳ | ᠡᠷᠬᠡᠪᠰᠢ ᠪᠣᠯᠪᠠᠰᠤᠷᠠᠭᠤᠯᠤᠯ ᠰᠤᠷᠤᠯᠴᠠᠯᠭ᠎ᠠ ᠪᠠᠷ ᠳᠡᠮᠵᠢᠨ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠤᠭᠰᠠᠨ | ᠪᠥᠭᠡᠳ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠠᠵᠢᠯ ᠲᠥᠷᠥᠯ ᠤᠨ ᠬᠠᠮᠢᠶ᠎ᠠ ᠪᠥᠬᠦᠶ ᠬᠠᠤᠯᠢ ᠴᠠᠭᠠᠵᠠ᠂ | ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠭᠡᠷᠡᠴᠢ | ᠦᠨᠡᠮᠯᠡᠯ᠄ ᠡᠵᠡᠩᠨᠡᠯᠲᠡ ᠶᠢᠨ ᠦᠨᠡᠮᠯᠡᠯ᠂ ᠬᠠᠶᠠᠭᠳᠠᠮᠠᠯ ᠬᠠᠭᠤᠴᠢᠨ ᠲᠡᠮᠦᠷᠯᠢᠭ ᠡᠵᠡᠩᠨᠡᠬᠦ ᠳᠠᠩᠰᠠᠯᠠᠭᠤᠯᠤᠭᠰᠠᠨ | ᠦᠨᠡᠮᠯᠡᠯ᠂ ᠣᠨᠴᠠ ᠲᠥᠷᠥᠯ ᠤᠨ ᠠᠵᠢᠯ ᠤᠨ ᠦᠨᠡᠮᠯᠡᠯ ︵ᠴᠠᠬᠢᠯᠭᠠᠨ ᠭᠠᠩᠨᠠᠭᠤᠷ ᠢ ᠬᠠᠯᠠᠭᠤᠨ ᠢᠶᠠᠷ ᠣᠭᠲᠣᠯᠵᠤ | ᠣᠭᠲᠣᠯᠬᠤ ᠠᠵᠢᠯ ᠤᠨ ᠦᠨᠡᠮᠯᠡᠯ᠂ ᠴᠠᠬᠢᠯᠭᠠᠨ ᠤ ᠠᠵᠢᠯ ᠤᠨ ᠦᠨᠡᠮᠯᠡᠯ᠂ ᠠᠴᠠ ᠲᠡᠷᠭᠡ ᠪᠠᠷ ᠠᠵᠢᠯᠯᠠᠬᠤ ᠦᠨᠡᠮᠯᠡᠯ᠂ | ᠤᠳᠬᠤᠭᠤᠷ ᠲᠡᠷᠭᠡ ᠠᠵᠢᠯᠯᠠᠬᠤ ᠦᠨᠡᠮᠯᠡᠯ᠂ ᠡᠷᠭᠦᠭᠦᠷ ᠲᠡᠷᠭᠡ ᠠᠵᠢᠯᠯᠠᠬᠤ ᠦᠨᠡᠮᠯᠡᠯ ᠵᠡᠷᠭᠡ ᠪᠠᠭᠲᠠᠨ᠎ᠠ᠂ ᠵᠠᠷᠢᠮ | ᠨᠢᠭᠡ ᠵᠦᠢᠯ ᠤᠨ ᠣᠨᠴᠠ ᠲᠥᠷᠥᠯ ᠤᠨ ᠠᠵᠢᠯ ᠳᠤ ᠬᠤᠯᠪᠣᠭᠳᠠᠬᠤ ᠵᠣᠬᠢᠴᠠᠩᠭᠤᠶ ᠦᠨᠡᠮᠯᠡᠯ ᠪᠠᠶᠢᠬᠤ ᠬᠡᠷᠡᠭᠲᠡᠶ᠃ | ᠭᠠᠳᠠᠨ᠎ᠠ ᠠᠴᠠ ᠲᠤᠰᠬᠠᠶ ᠮᠡᠷᠭᠡᠵᠢᠯ ᠤᠨ ᠠᠵᠢᠯᠲᠠᠨ ᠤᠷᠢᠬᠤ ᠳᠠᠭᠠᠨ ᠡᠷᠬᠡᠪᠰᠢ ᠬᠠᠮᠢᠶ᠎ᠠ ᠪᠥᠬᠦᠶ ᠬᠢᠷᠢ ᠬᠡᠮ ᠢ | ᠪᠠᠶᠢᠴᠠᠭᠠᠨ ᠰᠢᠯᠭᠠᠵᠤ᠂ ᠦᠨᠡᠮᠯᠡᠯ ᠥᠬᠡᠶ ᠪᠠᠷ ᠤᠷᠢᠵᠤ ᠬᠡᠷᠡᠭᠯᠡᠵᠦ ᠪᠣᠯᠬᠤ ᠥᠬᠡᠶ︶ ᠪᠠᠶᠢᠬᠤ ᠬᠡᠷᠡᠭᠲᠡᠶ᠃ | 2. ᠪᠤᠴᠠᠭᠠᠨ ᠬᠤᠷᠢᠶᠠᠬᠤ ᠥᠷᠲᠡᠭᠡ ︵ᠴᠡᠭ︶ ᠶᠢᠨ ᠡᠵᠡᠩᠨᠡᠭᠴᠢ ᠡᠷᠬᠡᠪᠰᠢ ᠳᠠᠬᠢᠯᠲᠠ ᠡᠬᠢ ᠪᠠᠶᠠᠯᠢᠭ ᠤᠨ | ᠠᠵᠢᠯ ᠲᠥᠷᠥᠯ ᠤᠨ ᠡᠵᠡᠩᠨᠡᠯᠲᠡ ᠶᠢᠨ ᠵᠢᠷᠤᠮᠵᠢᠯ ᠢ ᠵᠢᠷᠤᠮᠯᠠᠨ ᠰᠠᠬᠢᠵᠤ᠂ ᠬᠠᠮᠢᠶ᠎ᠠ ᠪᠦᠬᠦᠢ ᠠᠵᠢᠯ ᠲᠥᠷᠥᠯ᠂ | ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠵᠦ᠂ ︽ᠳᠠᠬᠢᠯᠲᠠ ᠡᠬᠢ ᠪᠠᠶᠠᠯᠢᠭ ᠤᠨ ᠠᠵᠢᠯ | ᠲᠥᠷᠥᠯ ᠤᠨ ᠨᠡᠶᠢᠭᠡᠮᠯᠢᠭ︾ ᠲᠤ ᠣᠷᠣᠬᠤ ᠶᠢ ᠰᠠᠨᠠᠭᠤᠯᠬᠤ ᠶᠢᠨ ᠬᠠᠮᠲᠤ ᠠᠵᠢᠯ ᠲᠥᠷᠥᠯ ᠤᠨ ᠨᠡᠶᠢᠭᠡᠮᠯᠢᠭ ᠤᠨ | ᠦᠢᠯᠡᠴᠢᠯᠡᠭᠡ ᠪᠠ ᠬᠠᠮᠢᠶᠠᠷᠤᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ | 3. ᠡᠭᠡᠭᠦᠯᠦᠨ ᠬᠤᠷᠢᠶᠠᠬᠤ ᠥᠷᠲᠡᠭᠡ ︵ᠴᠢᠭ︶ ᠶᠢᠨ ᠪᠦᠲᠦᠭᠡᠨ ᠪᠠᠶᠢᠭᠤᠯᠤᠯᠲᠠ ᠶᠢ ᠮᠠᠨ ᠤ ᠲᠤᠭᠤᠷᠢᠭ ᠤᠨ | ᠬᠤᠲᠠ ᠶᠢᠨ ᠶᠡᠷᠦᠩᠬᠡᠶ ᠲᠥᠯᠥᠪᠵᠢᠭᠦᠯᠭᠡ ᠳᠤ ᠨᠡᠶᠢᠴᠡᠭᠦᠯᠵᠦ᠂ ᠵᠢᠷᠤᠭᠯᠠᠨ ᠲᠥᠯᠥᠪᠯᠡᠬᠦ ᠪᠠ ᠵᠠᠰᠠᠵᠤ ᠴᠢᠮᠡᠭᠯᠡᠬᠦ | ᠬᠢᠭᠡᠳ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠯᠤᠭ᠎ᠠ ᠬᠠᠷᠢᠯᠴᠠᠨ ᠨᠡᠶᠢᠴᠡᠭᠦᠯᠵᠦ᠂ ᠨᠡᠶᠢᠭᠡᠮ ᠲᠣᠭᠤᠷᠢᠭ ᠤᠨ | ᠡᠭᠡᠭᠦᠯᠦᠨ ᠬᠤᠷᠢᠶᠠᠬᠤ ᠥᠷᠲᠡᠭᠡ ᠨᠢ ᠪᠣᠬᠢᠷᠲᠤᠯ ᠦᠭᠡᠶ ᠣᠷᠴᠢᠨ ᠲᠣᠭᠤᠷᠢᠨ ᠤ ᠬᠠᠮᠠᠭᠠᠯᠠᠯᠲᠠ ᠳᠤ ᠪᠦᠷᠢᠨ | ᠪᠢᠲᠡᠭᠦᠮᠵᠢᠯᠡᠭᠰᠡᠨ ᠰᠢᠢᠤᠡᠪᠤᠷᠢᠯᠡᠯᠲᠡ ᠬᠢᠬᠦ ᠬᠡᠷᠡᠭᠲᠡᠶ᠃ ᠥᠷᠲᠡᠭᠡ ᠴᠢᠭ ᠡᠵᠡᠩᠨᠡᠭᠴᠢ ᠨᠢ ᠵᠣᠬᠢᠬᠤ ᠪᠢᠲᠡᠭᠦᠮᠵᠢᠯᠡᠭᠰᠡᠨ | ᠮᠠᠶ᠋ᠢᠭ ᠤᠨ ᠲᠡᠭᠡᠭᠡᠪᠦᠷᠢ ᠶᠢᠨ ᠲᠥᠬᠦᠭᠡᠷᠦᠮᠵᠢ ᠲᠣᠬᠢᠷᠠᠭᠤᠯᠬᠤ ᠶᠢ ᠪᠠᠲᠤᠯᠠᠬᠤ ᠬᠡᠷᠡᠭᠲᠡᠶ᠃ ᠨᠡᠶᠢᠭᠡᠮ ᠲᠣᠭᠤᠷᠢᠭ ᠤᠨ | ᠡᠭᠡᠭᠦᠯᠦᠨ ᠬᠤᠷᠢᠶᠠᠬᠤ ᠥᠷᠲᠡᠭᠡ ︵ᠴᠢᠭ︶ ᠶᠢᠨ ᠳᠠᠬᠢᠯᠲᠠ ᠡᠬᠢ ᠪᠠᠶᠠᠯᠢᠭ ᠢ ᠴᠠᠭ ᠲᠤᠬᠠᠶ ᠳᠤᠨᠢ | ᠲᠡᠭᠡᠭᠡᠪᠦᠷᠢᠯᠡᠬᠦ ᠶᠢ ᠪᠠᠲᠤᠯᠠᠵᠤ᠂ ᠣᠷᠴᠢᠨ ᠲᠣᠭᠤᠷᠢᠨ ᠤ ᠪᠣᠬᠢᠷᠲᠤᠯ ᠪᠣᠯᠤᠨ ᠭᠠᠯ ᠤᠨ ᠠᠶᠤᠯ ᠤᠨ ᠰᠢᠨ᠎ᠡ ᠳᠠᠯᠳᠠ | ᠭᠡᠮ ᠭᠠᠷᠭᠠᠬᠤ ᠠᠴᠠ ᠵᠠᠶᠢᠯᠠᠰᠬᠢᠬᠦ ᠶᠢᠨ ᠬᠠᠮᠲᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠡᠯᠡᠳᠬᠡᠮᠵᠢ | ᠲᠣᠬᠢᠷᠠᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠭᠠᠯ ᠤᠨ | ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃ ᠬᠠᠶᠠᠭᠳᠠᠮᠠᠯ ᠴᠠᠭᠠᠰᠤ᠂ ᠬᠠᠶᠠᠭᠳᠠᠮᠠᠯ ᠰᠦᠯᠢᠶᠣᠤ ᠶᠢ ᠲᠥᠷᠥᠯ | ᠬᠤᠪᠢᠶᠠᠨ ᠬᠠᠳᠠᠭᠠᠯᠠᠬᠤ᠂ ᠪᠦᠲᠡᠭᠡᠯᠭᠡ ᠶᠢ ᠵᠢᠷᠤᠮᠵᠢᠭᠤᠯᠬᠤ ᠬᠡᠷᠡᠭᠲᠡᠶ᠃ | 4. ᠪᠤᠴᠠᠭᠠᠨ ᠬᠤᠷᠢᠶᠠᠬᠤ ᠥᠷᠲᠡᠭᠡ ︵ᠴᠡᠭ︶ ᠶᠢᠨ ᠡᠵᠡᠩᠨᠡᠯᠲᠡ ᠨᠢ ᠮᠠᠨ ᠤ ᠲᠤᠭᠤᠷᠢᠭ ᠤᠨ ᠬᠤᠲᠠ ᠶᠢᠨ | ᠳᠦᠷᠰᠦ ᠪᠠᠶᠢᠳᠠᠯ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠨᠥᠯᠥᠭᠡᠯᠡᠵᠦ ᠪᠣᠯᠬᠤ ᠦᠭᠡᠢ᠂ ᠪᠣᠬᠢᠷᠲᠤᠯ | ᠭᠠᠳᠠᠭᠰᠢᠯᠠᠭᠤᠯᠬᠤ ᠪᠡᠯᠡᠳᠬᠡᠮᠵᠢ ᠪᠦᠷᠢᠨ ᠲᠡᠭᠦᠯᠳᠡᠷ᠂ ᠮᠠᠨ ᠤ ᠲᠤᠭᠤᠷᠢᠭ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ ᠡᠭᠦᠳᠡᠨ ᠡᠮᠦᠨᠡᠬᠢ ︽ᠭᠤᠷᠪᠠ ᠶᠢ | ᠳᠠᠭᠠᠭᠠᠴᠢᠯᠠᠬᠤ︾ ᠶᠢ ᠪᠡᠶᠡᠯᠡᠭᠦᠯᠦᠨ᠎ᠡ᠃ | 5. ᠡᠭᠡᠭᠦᠯᠦᠨ ᠬᠤᠷᠢᠶᠠᠬᠤ ᠥᠷᠲᠡᠭᠡ ︵ᠴᠡᠭ︶ ᠶᠢᠨ ᠪᠠᠶᠢᠷᠢᠰᠢᠭᠤᠯᠤᠯ ᠨᠢ ᠬᠤᠭ ᠨᠣᠪᠰᠢ ᠡᠭᠦᠰᠬᠦ ᠲᠠᠷᠬᠠᠯᠲᠠ᠂ | ᠲᠠᠯᠪᠢᠬᠤ ᠵᠠᠶ᠂ ᠴᠤᠭᠯᠠᠭᠤᠯᠬᠤ ᠵᠠᠭᠪᠤᠷ᠂ ᠡᠷᠭᠢᠨ ᠲᠣᠭᠤᠷᠢᠨ ᠤ ᠣᠷᠴᠢᠨ ᠲᠣᠭᠤᠷᠢᠨ ᠵᠡᠷᠭᠡ ᠬᠦᠴᠦᠨ ᠵᠦᠢᠯ ᠢ | ᠦᠨᠳᠦᠰᠦᠯᠡᠨ ᠶᠡᠷᠦᠩᠬᠡᠶᠢᠯᠡᠨ ᠲᠣᠭᠲᠠᠭᠠᠬᠤ ᠶᠢᠨ ᠬᠠᠮᠲᠤ ᠳᠣᠤᠷᠠᠬᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠄ | ᠨᠠᠮ ᠵᠠᠰᠠᠭ ᠤᠨ ᠪᠠᠶᠢᠭᠤᠯᠭ᠎ᠠ᠂ ᠰᠤᠷᠭᠠᠭᠤᠯᠢ ᠬᠡᠤᠬᠡᠳ ᠤᠨ ᠴᠡᠴᠡᠷᠯᠢᠭ᠂ ᠴᠡᠷᠢᠭ ᠤᠨ ᠶᠠᠪᠤᠳᠠᠯ ᠤᠨ | ᠬᠤᠷᠢᠭᠠᠲᠤ ᠣᠷᠣᠨ᠂ ᠵᠠᠮ ᠬᠠᠷᠢᠯᠴᠠᠭ᠎ᠠ ᠠᠶᠠᠨᠴᠢᠳ ᠤᠨ ᠲᠡᠭᠡᠭᠡᠪᠦᠷᠢ ᠶᠢᠨ ᠪᠡᠯᠡᠳᠬᠡᠮᠵᠢ᠂ ᠰᠣᠶᠣᠯ ᠪᠡᠶ᠎ᠡ ᠶᠢᠨ | ᠲᠠᠮᠢᠷ ᠤᠨ ᠪᠡᠯᠡᠳᠬᠡᠮᠵᠢ᠂ ᠶᠠᠪᠠᠭᠠᠨ ᠵᠡᠭᠡᠯᠢ᠂ ᠠᠭᠤᠳᠠᠮ ᠲᠠᠯᠠᠪᠠᠶ᠂ ᠵᠢᠭᠤᠯᠴᠢᠯᠠᠯ ᠤᠨ ᠦᠵᠡᠮᠵᠢ ᠶᠢᠨ ᠣᠷᠣᠨ᠂ | ᠨᠢᠰᠬᠡᠯ ᠤᠨ ᠪᠠᠭᠤᠳᠠᠯ᠂ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠥᠷᠲᠡᠭᠡ᠂ ᠠᠮᠢ ᠠᠬᠤᠶ ᠶᠢᠨ ᠤᠯᠠᠭᠠᠨ ᠱᠤᠭᠤᠮ᠂ ᠠᠮᠢ ᠠᠬᠤᠶ ᠶᠢᠨ ᠬᠠᠮᠢᠶᠠᠷᠤᠨ ᠡᠵᠡᠮᠳᠡᠬᠦ | ᠣᠷᠣᠨ ᠤ 300 ᠮᠧᠲᠷ ᠤᠨ ᠳᠣᠲᠣᠷ᠎ᠠ ᠡᠭᠡᠭᠦᠯᠦᠨ ᠬᠤᠷᠢᠶᠠᠬᠤ ᠥᠷᠲᠡᠭᠡ ︵ᠴᠡᠭ︶ ᠭᠠᠷᠭᠠᠵᠤ ᠪᠣᠯᠬᠤ ᠥᠬᠡᠶ᠂ | ᠪᠠᠶᠢᠭᠤᠯᠤᠭᠰᠠᠨ ᠲᠣᠭᠤᠷᠢᠭ ᠤᠨ ᠳᠣᠲᠣᠷᠠᠬᠢ ᠵᠡᠭᠡᠯᠢ ᠭᠤᠳᠤᠮᠵᠢ ᠶᠢᠨ ᠳᠡᠯᠭᠡᠭᠦᠷ ᠫᠦᠰᠡ ᠨᠢ ᠡᠭᠡᠭᠦᠯᠦᠨ ᠬᠤᠷᠢᠶᠠᠬᠤ | ᠥᠷᠲᠡᠭᠡ ︵ᠴᠡᠭ︶ ᠪᠣᠯᠭᠠᠵᠤ ᠪᠣᠯᠬᠤ ᠥᠬᠡᠶ᠂ ᠪᠠᠶᠢᠭᠤᠯᠤᠭᠰᠠᠨ ᠣᠷᠣᠨ ᠤ ᠳᠣᠲᠣᠷᠠᠬᠢ ᠪᠣᠶ ᠪᠥᠬᠦᠶ ᠵᠡᠭᠡᠯᠢ | ᠭᠤᠳᠤᠮᠵᠢ ᠪᠠᠭᠲᠠᠨ᠎ᠠ᠂ ᠲᠣᠮᠣ ᠬᠡᠯᠪᠡᠷᠢ ᠶᠢᠨ ᠪᠣᠭᠤᠳᠠᠯᠯᠠᠬᠤ ᠲᠥᠬᠦᠭᠡᠷᠦᠮᠵᠢ ᠪᠠ ᠪᠤᠰᠤᠳ ᠲᠠᠭᠤ ᠱᠤᠤᠭᠢᠶᠠᠨ | ᠬᠦᠨᠳᠦ ᠨᠣᠴᠢᠲᠠᠶ ᠪᠡᠯᠡᠳᠬᠡᠮᠵᠢ ᠪᠠᠶᠢᠵᠤ ᠪᠣᠯᠬᠤ ᠥᠬᠡᠶ᠂ ᠲᠠᠭᠤ ᠱᠤᠤᠭᠢᠶᠠᠨ ᠠᠷᠠᠳ ᠢ ᠦᠢᠮᠡᠭᠦᠯᠬᠦ ᠠᠴᠠ | ᠵᠠᠶᠢᠯᠠᠰᠬᠢᠨ᠎ᠡ᠃ | ᠬᠤᠲᠠ ᠶᠢᠨ ᠲᠣᠭᠤᠷᠢᠭ ᠲᠠᠬᠢ ᠰᠠᠭᠤᠭᠠᠯᠢ ᠠᠷᠠᠳ ᠤᠨ ᠲᠣᠭᠤᠷᠢᠭ ᠲᠤ ᠪᠣᠳᠠᠲᠤ ᠪᠠᠶᠢᠳᠠᠯ ᠪᠠ ᠬᠡᠷᠡᠭᠴᠡᠭᠡ ᠪᠠᠨ | ᠦᠨᠳᠦᠰᠦᠯᠡᠨ ᠬᠤᠷᠢᠶᠠᠨ ᠠᠪᠬᠤ ᠥᠷᠲᠡᠭᠡ ︵ᠴᠡᠭ︶ ᠲᠣᠬᠢᠷᠠᠭᠤᠯᠵᠤ ᠪᠣᠯᠤᠨ᠎ᠠ᠂ ᠨᠡᠯᠢᠶᠡᠳ ᠶᠡᠭᠡ ᠬᠡᠪᠴᠢᠶᠡᠨ ᠤ | ᠰᠠᠭᠤᠭᠠᠯᠢ ᠠᠷᠠᠳ ᠤᠨ ᠲᠣᠭᠤᠷᠢᠭ ᠲᠤ 1 ᠠᠴᠠ 3 ᠬᠤᠷᠢᠶᠠᠨ ᠠᠪᠬᠤ ᠥᠷᠲᠡᠭᠡ ᠪᠠᠶᠢᠭᠤᠯᠵᠤ ᠪᠣᠯᠤᠨ᠎ᠠ᠃ | ᠲᠠᠯᠠᠪᠠᠶ ᠶᠢ ᠵᠠᠷᠴᠢᠮ ᠳᠡᠭᠡᠷ᠎ᠡ ᠪᠠᠨ 10 ᠲᠡᠭᠰᠢ ᠳᠥᠷᠪᠡᠯᠵᠢᠨ ᠮᠧᠲᠷ ᠠᠴᠠ ᠳᠤᠲᠠᠭᠤ ᠪᠠᠶᠢᠯᠭᠠᠵᠤ ᠪᠣᠯᠬᠤ ᠦᠭᠡᠶ᠂ | ᠡᠭᠦᠳᠡᠨ ᠫᠠᠶᠢᠰᠠ ᠶᠢ ᠨᠢᠭᠡᠳᠦᠯᠲᠡᠶ ᠵᠢᠷᠤᠮᠵᠢᠭᠰᠠᠨ ᠥᠷᠲᠡᠭᠡ ᠶᠢᠨ ᠨᠡᠷ᠎ᠡ ᠪᠠ ᠵᠢᠷᠤᠭ ᠲᠥᠯᠥᠪᠯᠡᠭᠡ ᠶᠢ ᠬᠡᠷᠡᠭᠯᠡᠨ᠎ᠡ᠃ | ᠬᠤᠶᠠᠷ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠲᠥᠪᠯᠡᠷᠡᠭᠦᠯᠵᠦ ᠲᠠᠷᠬᠠᠭᠠᠬᠤ ᠲᠥᠪ ᠤᠨ ᠪᠦᠲᠦᠭᠡᠨ | ᠪᠠᠶᠢᠭᠤᠯᠤᠯᠲᠠ ᠶᠢᠨ ᠡᠵᠡᠩᠨᠡᠯᠲᠡ ᠶᠢᠨ ᠪᠠᠷᠢᠮᠵᠢᠶ᠎ᠠ | 6. ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠲᠥᠪᠯᠡᠷᠡᠭᠦᠯᠵᠦ ᠲᠠᠷᠬᠠᠭᠠᠬᠤ ᠲᠥᠪ ᠤᠨ ᠪᠦᠲᠦᠭᠡᠨ | ᠪᠠᠶᠢᠭᠤᠯᠤᠯᠲᠠ ᠶᠢᠨ ᠡᠵᠡᠩᠨᠡᠯᠲᠡ ᠶᠢᠨ ᠪᠠᠷᠢᠮᠵᠢᠶ᠎ᠠ ᠶᠢ ᠪᠦᠬᠦᠯᠢ ᠴᠣᠭᠴᠠ ᠶᠢᠨ ᠴᠢᠳᠠᠮᠵᠢ ᠶᠢᠨ ᠲᠣᠬᠢᠷᠠᠭᠤᠯᠤᠯᠲᠠ ᠶᠢᠨ | ᠱᠠᠭᠠᠷᠳᠠᠯᠭ᠎ᠠ ᠶᠢ ᠦᠨᠳᠦᠰᠦᠯᠡᠨ᠂ ᠲᠠᠸᠠᠷ ᠤᠨ ᠠᠷᠠᠯᠵᠢᠶᠠᠨ ᠤ ᠲᠣᠭᠤᠷᠢᠭ᠂ ᠢᠯᠭᠠᠨ ᠪᠣᠯᠪᠠᠰᠤᠷᠠᠭᠤᠯᠬᠤ ᠲᠣᠭᠤᠷᠢᠭ᠂ | ᠬᠥᠮᠥᠷᠭᠡᠯᠡᠨ ᠬᠠᠳᠠᠭᠠᠯᠠᠬᠤ ᠲᠣᠬᠢᠷᠠᠭᠤᠯᠤᠨ ᠬᠦᠷᠭᠡᠬᠦ ᠲᠣᠭᠤᠷᠢᠭ ᠢᠶᠠᠷ ᠪᠦᠷᠢᠯᠳᠦᠭᠦᠯᠦᠨ᠎ᠡ᠃ ᠡᠵᠡᠩᠨᠡᠯᠲᠡ ᠶᠢᠨ | ᠬᠠᠷᠢᠭᠤᠴᠠᠯᠭᠠᠲᠠᠨ᠂ ᠠᠵᠢᠯᠯᠠᠵᠤ ᠪᠠᠶᠢᠭ᠎ᠠ ᠬᠦᠮᠦᠰ ᠡᠷᠬᠡᠪᠰᠢ ᠲᠤᠰ ᠵᠥᠪᠰᠢᠶᠡᠷᠡᠯ ᠤᠨ ᠪᠠᠷᠢᠮᠵᠢᠶ᠎ᠠ ᠶᠢᠨ 1 ᠳᠦᠭᠡᠷ | ᠵᠦᠢᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠢ᠃ | 7. ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠲᠥᠪᠯᠡᠷᠡᠭᠦᠯᠵᠦ ᠲᠠᠷᠬᠠᠭᠠᠬᠤ ᠲᠥᠪ ᠤᠨ ᠪᠦᠲᠦᠭᠡᠨ | ᠪᠠᠶᠢᠭᠤᠯᠤᠯᠲᠠ ᠨᠢ ᠦᠬᠠᠶ ᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ | ᠬᠠᠶᠢᠷᠤᠪ ᠤᠨ ᠲᠣᠬᠤᠢ ᠲᠣᠭᠤᠷᠢᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ | ᠪᠣᠯᠤᠨ ᠮᠠᠨ ᠤ ᠲᠤᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ | ᠲᠥᠯᠥᠪᠵᠢᠭᠦᠯᠭᠡ ᠳᠤ ᠨᠡᠶᠢᠴᠡᠭᠰᠡᠨ ᠤᠷᠢᠲᠠᠯ ᠳᠣᠤᠷ᠎ᠠ᠂ ᠵᠠᠮ ᠬᠠᠷᠢᠯᠴᠠᠭ᠎ᠠ ᠳᠥᠭᠦᠮ᠂ ᠰᠠᠭᠤᠷᠢ ᠲᠥᠬᠦᠭᠡᠷᠦᠮᠵᠢ | ᠪᠦᠷᠢᠨ ᠣᠶᠢᠷ᠎ᠠ ᠲᠡᠭᠦᠷᠭᠡ ᠶᠢᠨ ᠭᠠᠵᠠᠷ ᠣᠷᠣᠨ ᠳᠤ ᠭᠠᠵᠠᠷ ᠰᠣᠩᠭᠤᠬᠤ ᠬᠡᠷᠡᠭᠲᠡᠶ᠃ ᠭᠠᠵᠠᠷ ᠰᠣᠩᠭᠤᠬᠤ ᠳᠤ | ᠡᠷᠬᠡᠪᠰᠢ ᠲᠤᠰ ᠪᠠᠷᠢᠮᠵᠢᠶ᠎ᠠ ᠶᠢᠨ 5 ᠳ᠋ᠤᠭᠠᠷ ᠵᠦᠢᠯ ᠤᠨ 2 ᠳ᠋ᠤᠭᠠᠷ ᠵᠤᠷᠪᠤᠰ ᠤᠨ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ ᠬᠡᠷᠡᠭᠲᠡᠶ ᠪᠥᠭᠡᠳ ᠬᠠᠶᠢᠷᠤᠪ ᠤᠨ ᠲᠣᠬᠤᠢ ᠲᠣᠭᠤᠷᠢᠭ ᠤᠨ ᠳᠠᠷᠤᠭ᠎ᠠ ᠶᠢᠨ ᠲᠤᠰᠬᠠᠶ ᠰᠡᠳᠦᠪᠲᠦ ᠬᠤᠷᠠᠯ ᠢᠶᠠᠷ | ᠳᠠᠮᠵᠢᠨ ᠰᠤᠳᠤᠯᠤᠨ ᠪᠠᠲᠤᠯᠠᠭᠤᠯᠬᠤ ᠬᠡᠷᠡᠭᠲᠡᠶ᠃ | 8. ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠲᠥᠪᠯᠡᠷᠡᠭᠦᠯᠦᠨ ᠲᠠᠷᠬᠠᠭᠠᠬᠤ ᠲᠥᠪ ᠤᠨ ᠪᠦᠲᠦᠭᠡᠨ | ᠪᠠᠶᠢᠭᠤᠯᠤᠯᠲᠠ ᠨᠢ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠶᠢᠨ ᠬᠠᠮᠢᠶᠠᠷᠤᠯᠲᠠ ᠪᠠ ᠭᠠᠯ ᠤᠨᠲᠠᠷᠠᠭᠠᠬᠤ | ᠠᠮᠤᠷ ᠲᠦᠪᠰᠢᠨ ᠵᠡᠷᠭᠡ ᠪᠠᠷᠢᠮᠵᠢᠶ᠎ᠠ ᠳᠤ ᠨᠡᠶᠢᠴᠡᠵᠦ᠂ ᠲᠤᠰᠠᠭᠠᠷᠯᠠᠬᠤ ᠬᠦᠷᠢᠶ᠎ᠡ ᠭᠠᠷᠭᠠᠵᠤ᠂ ᠨᠣᠭᠤᠭᠠᠷᠠᠭᠤᠯᠵᠤ᠂ | ᠨᠡᠯᠢᠶᠡᠳ ᠰᠠᠶᠢᠨ ᠭᠠᠳᠠᠷ ᠳᠦᠷᠰᠦ ᠶᠢᠨ ᠣᠷᠴᠢᠨ ᠲᠣᠭᠤᠷᠢᠨ ᠢ ᠪᠠᠲᠤᠯᠠᠬᠤ ᠬᠡᠷᠡᠭᠲᠡᠶ᠃ | 9. ᠲᠥᠪᠯᠡᠷᠡᠭᠦᠯᠦᠨ ᠲᠠᠷᠬᠠᠭᠠᠬᠤ ᠲᠥᠪ ᠤᠨ ᠪᠦᠲᠦᠭᠡᠨ ᠪᠠᠶᠢᠭᠤᠯᠤᠯᠲᠠ ᠨᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠨᠡᠯᠡᠨ ᠵᠢᠱᠢᠯᠲᠡ ᠵᠢᠴᠢ | ᠦᠢᠯᠡᠳᠪᠦᠷᠢᠯᠡᠯ ᠤᠨ ᠮᠡᠷᠭᠡᠵᠢᠯ ᠤᠨ ᠪᠠᠷᠢᠮᠵᠢᠶ᠎ᠠ ᠶᠢᠨ ᠬᠢᠷᠢ ᠬᠡᠮ ᠢ ᠮᠠᠭᠠᠳᠯᠠᠨ ᠲᠣᠭᠲᠠᠭᠠᠵᠤ᠂ ᠬᠠᠮᠢᠶ᠎ᠠ ᠪᠦᠬᠦᠢ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠢᠷᠢ ᠬᠡᠮ ᠢ ᠪᠦᠷᠢᠯᠳᠦᠭᠦᠯᠦᠨ᠎ᠡ᠃ ᠳᠣᠲᠣᠭᠠᠳᠤ ᠳᠤ ᠪᠠᠨ ᠭᠠᠵᠠᠷ ᠳᠡᠭᠡᠷᠡᠬᠢ | ᠤᠰᠤ᠂ ᠪᠣᠷᠣᠭᠠᠨ ᠤ ᠤᠰᠤ ᠵᠢᠴᠢ ᠲᠣᠰᠣᠨ ᠤ ᠲᠦᠷᠦᠯ ᠢ ᠬᠤᠯᠢᠯᠳᠤᠭᠤᠯᠤᠨ ᠣᠷᠣᠭᠤᠯᠬᠤ ᠪᠤᠶᠤ ᠨᠡᠪᠴᠢᠬᠦ ᠶᠢ | ᠰᠡᠷᠭᠡᠶᠢᠯᠡᠬᠦ ᠴᠢᠳᠠᠮᠵᠢ ᠲᠠᠢ ᠪᠧᠲ᠋ᠤᠨ ᠤ ᠭᠠᠵᠠᠷ ᠤᠨ ᠭᠠᠳᠠᠷᠭᠤ ᠳᠤ ᠰᠢᠢᠳᠪᠦᠷᠢᠯᠡᠬᠦ ᠲᠥᠬᠦᠭᠡᠷᠦᠮᠵᠢ ᠶᠢᠨ ᠡᠷᠬᠢᠨ | ᠲᠣᠭᠤᠷᠢᠨ ᠳᠤ ᠲᠣᠰᠣᠨ ᠤ ᠲᠦᠷᠦᠯ ᠪᠤᠶᠤ ᠰᠢᠩᠭᠡᠨ ᠪᠡᠶᠡᠲᠦ ᠶᠢᠨ ᠤᠷᠤᠰᠬᠠᠯ ᠢ ᠬᠠᠰᠢᠬᠤ᠂ ᠴᠤᠭᠯᠠᠭᠤᠯᠬᠤ ᠵᠢᠴᠢ | ᠲᠣᠰᠣ ᠤᠰᠤ ᠶᠢ ᠰᠠᠯᠭᠠᠬᠤ ᠣᠷᠴᠢᠨ ᠲᠣᠭᠤᠷᠢᠨ ᠢ ᠬᠠᠮᠠᠭᠠᠯᠠᠬᠤ ᠲᠥᠬᠦᠭᠡᠷᠦᠮᠵᠢ ᠪᠤᠶᠤ ᠠᠷᠭ᠎ᠠ ᠬᠡᠮᠵᠢᠶ᠎ᠡ ᠠᠪᠬᠤ | ᠬᠡᠷᠡᠭᠲᠡᠢ᠃ | 10. ᠲᠠᠸᠠᠷ ᠤᠨ ᠠᠷᠠᠯᠵᠢᠶᠠᠨ ᠤ ᠣᠷᠣᠨ᠄ ᠲᠤᠰ ᠲᠣᠭᠤᠷᠢᠭ ᠨᠢ ᠠᠷᠠᠯᠵᠢᠶᠠᠨ ᠤ ᠦᠢᠯᠡᠳᠬᠦᠨ ᠤ ᠲᠥᠷᠥᠯ | ᠵᠦᠢᠯ ᠢᠶᠠᠷ ᠨᠠᠷᠢᠨ ᠬᠤᠪᠢᠶᠠᠷᠢᠯᠠᠵᠤ᠂ ᠡᠷᠴᠢᠮᠵᠢᠭᠦᠯᠦᠭᠰᠡᠨ ᠡᠵᠡᠩᠨᠡᠯᠲᠡ ᠶᠢ ᠪᠤᠢ ᠪᠣᠯᠭᠠᠵᠤ᠂ ᠠᠷᠠᠯᠵᠢᠶᠠᠨ ᠤ ᠣᠷᠣᠨ | ᠨᠢᠭᠡᠪᠦᠷᠢ ᠶᠢᠨ ᠬᠡᠷᠡᠭᠯᠡᠬᠦ ᠲᠠᠯᠠᠪᠠᠢ ᠶᠢ ᠪᠣᠳᠠᠲᠠᠶ ᠱᠠᠭᠠᠷᠳᠠᠯᠭ᠎ᠠ ᠳᠤ ᠨᠡᠶᠢᠴᠡᠭᠦᠯᠵᠦ᠂ ᠪᠦᠬᠦᠯᠢ ᠴᠣᠭᠴᠠ ᠪᠠᠷ ᠵᠢᠷᠤᠵᠤ | ᠲᠥᠯᠥᠪᠯᠡᠬᠦ᠂ ᠵᠠᠰᠠᠵᠤ ᠴᠢᠮᠡᠭᠯᠡᠬᠦ ᠵᠢᠴᠢ ᠪᠦᠲᠦᠭᠡᠨ ᠪᠠᠶᠢᠭᠤᠯᠬᠤ ᠳᠠᠭᠠᠨ ᠮᠠᠨ ᠤ ᠲᠣᠭᠤᠷᠢᠭ ᠤᠨ ᠣᠷᠴᠢᠨ | ᠲᠣᠭᠤᠷᠢᠨ ᠤ ᠬᠠᠮᠠᠭᠠᠯᠠᠯᠲᠠ ᠵᠢᠴᠢ ᠭᠠᠯ ᠤᠨᠲᠠᠷᠠᠭᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃ | | 11. ᠢᠯᠭᠠᠵᠤ ᠪᠣᠯᠪᠠᠰᠤᠷᠠᠭᠤᠯᠬᠤ ᠲᠣᠭᠤᠷᠢᠭ᠄ ᠲᠤᠰ ᠲᠣᠭᠤᠷᠢᠭ ᠤᠨ ᠬᠡᠷᠡᠭᠯᠡᠬᠦ ᠲᠠᠯᠠᠪᠠᠢ ᠶᠢ ᠪᠣᠳᠠᠲᠠᠢ | ᠱᠠᠭᠠᠷᠳᠠᠯᠭ᠎ᠠ ᠶᠢ ᠦᠨᠳᠦᠰᠦᠯᠡᠨ ᠲᠣᠭᠲᠠᠭᠠᠵᠤ᠂ ᠬᠦᠩᠭᠡᠨ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠢ ᠬᠡᠷᠡᠭᠯᠡᠨ | ᠪᠦᠬᠦᠨ ᠢ ᠪᠢᠲᠡᠭᠦᠮᠵᠢᠯᠡᠨ ᠰᠢᠢᠳᠪᠦᠷᠢᠯᠡᠵᠦ᠂ ᠵᠢᠷᠤᠵᠤ ᠲᠥᠯᠥᠪᠯᠡᠬᠦ᠂ ᠵᠠᠰᠠᠵᠤ ᠴᠢᠮᠡᠭᠯᠡᠬᠦ ᠲᠠᠯ᠎ᠠ ᠪᠠᠷ ᠡᠷᠬᠡᠪᠰᠢ | ᠣᠷᠴᠢᠨ ᠲᠣᠭᠤᠷᠢᠨ ᠢ ᠬᠠᠮᠠᠭᠠᠯᠠᠬᠤ ᠵᠢᠴᠢ ᠭᠠᠯ ᠤᠨᠲᠠᠷᠠᠭᠠᠬᠤ ᠱᠠᠭᠠᠷᠳᠠᠯᠭ᠎ᠠ ᠳᠤ ᠨᠡᠶᠢᠴᠡᠭᠦᠯᠵᠦ᠂ ᠬᠠᠶᠠᠭᠳᠠᠮᠠᠯ | ᠪᠣᠳᠠᠰ ᠤᠨ ᠪᠤᠳᠠᠷᠠᠨ ᠰᠠᠷᠨᠢᠬᠤ᠂ ᠦᠮᠡᠬᠡᠢ ᠦᠨᠦᠷ ᠲᠠᠷᠬᠠᠭᠠᠬᠤ᠂ ᠭᠠᠵᠠᠷ ᠤᠨ ᠭᠠᠳᠠᠷᠭᠤ ᠶᠢ ᠪᠣᠬᠢᠷᠲᠤᠭᠤᠯᠬᠤ ᠵᠢᠴᠢ | ᠣᠷᠴᠢᠨ ᠲᠣᠭᠤᠷᠢᠨ ᠢ ᠨᠥᠯᠥᠭᠡᠯᠡᠬᠦ ᠵᠡᠷᠭᠡ ᠶᠢ ᠭᠤᠣᠯᠳᠠᠯᠭ᠎ᠠ ᠲᠠᠢ ᠰᠡᠷᠭᠡᠶᠢᠯᠡᠬᠦ ᠬᠡᠷᠡᠭᠲᠡᠢ᠃ | 12. ᠬᠥᠮᠥᠷᠭᠡᠯᠡᠨ ᠬᠠᠳᠠᠭᠠᠯᠠᠵᠤ ᠳᠣᠭᠢᠷᠠᠭᠤᠯᠤᠨ ᠬᠦᠷᠭᠡᠬᠦ ᠲᠣᠭᠤᠷᠢᠭ᠄ ᠲᠣᠰ ᠲᠣᠭᠤᠷᠢᠭ ᠤᠨ ᠪᠠᠷᠢᠯᠭ᠎ᠠ ᠶᠢᠨ | ᠲᠠᠯᠠᠪᠠᠶ ᠶᠢ ᠵᠠᠬ᠎ᠠ ᠳᠡᠯᠭᠡᠭᠦᠷ ᠤᠨ ᠦᠢᠯᠡᠳᠭᠦᠨ ᠤ ᠠᠰᠠᠭᠤᠳᠠᠯ ᠢ ᠦᠨᠳᠦᠰᠦᠯᠡᠨ ᠲᠣᠭᠲᠠᠭᠠᠵᠤ᠂ ᠲᠤᠭᠤᠷᠢᠭ ᠤᠨᠤ | ᠳᠣᠲᠣᠷ᠎ᠠ ᠪᠠᠷᠢᠮᠵᠢᠶᠠᠵᠢᠭᠤᠯᠬᠤ᠂ ᠰᠢᠷᠢᠰᠵᠢᠭᠦᠯᠬᠦ᠂ ᠵᠢᠷᠤᠮᠵᠢᠭᠤᠯᠤᠭᠰᠠᠨ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ᠂ | ᠠᠴᠢᠶᠠᠯᠠᠵᠤ ᠪᠠᠭᠤᠯᠭᠠᠬᠤ᠂ ᠵᠥᠭᠡᠭᠡᠪᠦᠷᠢᠯᠡᠬᠦ᠂ ᠪᠣᠭᠤᠳᠠᠯᠯᠠᠬᠤ ᠮᠠᠰᠢᠨ ᠪᠠᠭᠠᠵᠢ ᠶᠢᠨ ᠪᠡᠯᠡᠳᠬᠡᠮᠵᠢ ᠵᠢᠴᠢ ᠵᠢᠷᠤᠭᠠᠰᠤᠨ | ᠲᠡᠮᠳᠡᠭ ᠵᠡᠷᠭᠡ ᠮᠡᠷᠭᠡᠵᠢᠯ ᠢ ᠬᠡᠷᠡᠭᠯᠡᠬᠦ ᠬᠡᠷᠡᠭᠲᠡᠶ᠃ ᠪᠦᠬᠦᠯᠢ ᠴᠣᠭᠴᠠ ᠶᠢᠨ ᠡᠬᠢ ᠪᠠᠶᠠᠯᠢᠭ ᠤᠨ ᠠᠰᠢᠭᠯᠠᠯᠲᠠ ᠶᠢᠨ | ᠨᠣᠷᠮ᠎ᠠ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠬᠤ | ᠬᠡᠷᠡᠭᠲᠡᠶ᠃ | 13 ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠤ ᠲᠥᠪᠯᠡᠷᠡᠭᠦᠯᠵᠦ ᠲᠠᠷᠬᠠᠭᠠᠬᠤ ᠲᠥᠪ ᠨᠢ ᠡᠷᠬᠡᠪᠰᠢ | ᠵᠣᠬᠢᠬᠤ ᠪᠢᠲᠡᠭᠦᠮᠵᠢᠯᠡᠭᠰᠡᠨ ᠮᠠᠶ᠋ᠢᠭ ᠤᠨ ᠲᠡᠭᠡᠭᠡᠪᠦᠷᠢ ᠶᠢᠨ ᠲᠥᠬᠦᠭᠡᠷᠦᠮᠵᠢ ᠲᠣᠬᠢᠷᠠᠭᠤᠯᠵᠤ᠂ ᠵᠠᠮ ᠤᠨ ᠠᠮᠤᠷ | ᠲᠦᠪᠰᠢᠨ ᠲᠡᠭᠡᠭᠡᠪᠦᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | 14᠂ ᠲᠤᠰ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠠᠷᠠᠭ᠎ᠠ | ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠤᠨ᠎ᠠ᠃ ᠲᠣᠰ ᠲᠣᠭᠲᠠᠭᠠᠯ ᠢ ᠬᠡᠷᠡᠭᠵᠢᠭᠦᠯᠦᠭᠰᠡᠨ ᠤ | ᠳᠠᠷᠠᠭ᠎ᠠ ᠰᠢᠨ᠎ᠡ ᠪᠠᠷ ᠨᠡᠶᠢᠲᠡᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠲᠠᠢ ᠨᠢᠭᠡᠳᠦᠯ | ᠥᠬᠡᠶ ᠪᠠᠶᠢᠪᠠᠯ᠂ ᠰᠢᠨ᠎ᠡ ᠪᠠᠷ ᠨᠡᠶᠢᠲᠡᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢᠶᠠᠷ | ᠪᠠᠷᠢᠮᠵᠢᠶ᠎ᠠ ᠪᠣᠯᠭᠠᠨ᠎ᠠ᠃ | |