ᠬᠠᠶᠢᠷᠤᠪ ᠤᠨ ᠲᠣᠬᠤᠢ ᠲᠣᠭᠤᠷᠢᠭ ᠤᠨ ᠭᠡᠷ ᠬᠥᠷᠥᠩᠭᠡ ᠪᠠ ᠠᠳᠠᠯ ᠠᠬᠤᠢ ᠶᠢᠨ ᠦᠢᠯᠡᠴᠢᠯᠡᠭᠡᠨ ᠤ ᠲᠥᠪ ᠪᠦᠬᠦ ᠲᠤᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠳᠠᠩᠰᠠᠯᠠᠭᠤᠯᠬᠤ ᠰᠢᠰᠲ᠋ᠧᠮ ᠵᠢᠴᠢ ᠠᠳᠠᠯ ᠠᠬᠤᠢ ᠶᠢᠨ ᠦᠢᠯᠡᠴᠢᠯᠡᠭᠡᠨ ᠤ ᠢᠲᠡᠭᠡᠮᠵᠢ ᠶᠢᠨ ᠦᠨᠡᠯᠡᠬᠦ ᠠᠷᠭ᠎ᠠ ᠶᠢᠨ ᠪᠣᠯᠪᠠᠰᠤᠷᠠᠭᠤᠯᠤᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/8/29
    ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠳᠠᠩᠰᠠᠯᠠᠭᠤᠯᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠬᠠᠶᠢᠷᠤᠪ ᠤᠨ ᠲᠣᠬᠤᠶ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ︽ᠦᠬᠠᠶ ᠬᠤᠲᠠ ᠶᠢᠨ ᠣᠷᠣᠨ ᠰᠠᠭᠤᠴᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠥᠪ ᠨᠢ 2024 ᠣᠨ ᠤ 8 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ ᠪᠥᠬᠦ ᠲᠤᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠳᠠᠩᠰᠠᠯᠠᠭᠤᠯᠬᠤ ᠰᠢᠰᠲ᠋ᠧᠮ ᠵᠢᠴᠢ ᠠᠳᠠᠯ ᠠᠬᠤᠶ ᠶᠢᠨ ᠦᠢᠯᠡᠴᠢᠯᠡᠭᠡᠨ ᠤ ᠢᠲᠡᠭᠡᠮᠵᠢ ᠶᠢᠨ ᠦᠨᠡᠯᠡᠬᠦ ᠠᠷᠭ᠎ᠠ ᠶᠢᠨ ᠪᠣᠯᠪᠠᠰᠤᠷᠠᠭᠤᠯᠤᠯ ᠤᠨ ᠬᠤᠷᠠᠯ ᠢ ᠡᠷᠭᠢᠯᠡᠵᠦ᠂ ᠪᠥᠬᠦ ᠲᠤᠭᠤᠷᠢᠭ ᠤᠨ ᠪᠣᠶ ᠪᠥᠬᠦᠶ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠲᠥᠯᠥᠭᠡᠯᠡᠭᠴᠢ ᠲᠣᠮᠢᠯᠠᠨ ᠪᠣᠯᠪᠠᠰᠤᠷᠠᠭᠤᠯᠤᠯ ᠳᠤ ᠣᠷᠣᠯᠴᠠᠭᠤᠯᠪᠠ᠃
37292_700x700.jpg   
    ᠬᠤᠷᠠᠯ ᠳᠡᠭᠡᠷ᠎ᠡ᠂ ᠡᠩ ᠲᠡᠷᠢᠭᠦᠨ ᠳᠤ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠳᠠᠩᠰᠠᠯᠠᠭᠤᠯᠬᠤ ᠰᠢᠰᠲ᠋ᠧᠮ ᠤᠨ ᠴᠢᠬᠤᠯᠠ ᠴᠢᠨᠠᠷ ᠢ ᠴᠢᠬᠤᠯᠠᠴᠢᠯᠠᠵᠤ᠂ ᠳᠠᠩᠰᠠᠯᠠᠭᠤᠯᠬᠤ ᠰᠢᠰᠲ᠋ᠧᠮ ᠪᠣᠯ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠵᠢᠷᠤᠮᠵᠢᠭᠰᠠᠨ ᠬᠠᠮᠢᠶᠠᠷᠤᠯᠲᠠ ᠶᠢ ᠪᠡᠶᠡᠯᠡᠭᠦᠯᠬᠦ᠂ ᠠᠵᠢᠯ ᠲᠥᠷᠥᠯ ᠤᠨ ᠬᠢᠨᠠᠯᠲᠠ ᠶᠢ ᠴᠢᠩᠭᠠᠳᠬᠠᠬᠤ ᠪᠦᠲᠦᠮᠵᠢᠲᠡᠶ ᠠᠷᠭ᠎ᠠ ᠪᠠᠷᠢᠯ ᠮᠥᠨ᠂ ᠡᠯ᠎ᠡ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ ᠪᠥᠭᠡᠳ ᠳᠠᠩᠰᠠᠯᠠᠭᠤᠯᠬᠤ ᠰᠢᠰᠲ᠋ᠧᠮ ᠤᠨ ᠠᠵᠢᠯᠯᠠᠬᠤ ᠶᠠᠪᠤᠴᠠ ᠪᠠ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠵᠤ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠳᠤ ᠪᠣᠳᠠᠲᠠᠶ ᠵᠢᠯᠣᠭᠤᠳᠣᠯᠭ᠎ᠠ ᠬᠠᠩᠭᠠᠭᠰᠠᠨ ᠪᠠᠶᠢᠨ᠎ᠠ᠃ ᠳᠠᠷᠠᠭ᠎ᠠ ᠳᠤᠨᠢ᠂ ᠠᠳᠠᠯ ᠠᠬᠤᠢ ᠶᠢᠨ ᠢᠲᠡᠭᠡᠮᠵᠢ ᠶᠢᠨ ᠦᠨᠡᠯᠡᠯᠲᠡ ᠶᠢᠨ ᠠᠷᠭ᠎ᠠ ᠶᠢᠨ ᠲᠣᠭᠤᠷᠢᠨ ᠳᠤ ᠲᠠᠶᠢᠯᠤᠮᠵᠢ ᠬᠢᠵᠦ᠂ ᠲᠠᠶᠢᠯᠤᠮᠵᠢ ᠶᠢᠨ ᠠᠭᠤᠯᠭ᠎ᠠ ᠳᠤ ᠢᠲᠡᠭᠡᠮᠵᠢ ᠶᠢᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ᠂ ᠦᠨᠡᠯᠡᠬᠦ ᠳᠡᠰ ᠳᠠᠷᠠᠭᠠᠯᠠᠯ᠂ ᠢᠲᠡᠭᠡᠮᠵᠢ ᠶᠢᠨ ᠵᠡᠷᠭᠡ ᠳᠡᠰ ᠤᠨ ᠬᠤᠪᠢᠶᠠᠷᠢᠯᠠᠯ ᠵᠢᠴᠢ ᠢᠲᠡᠭᠡᠮᠵᠢ ᠶᠢᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠵᠡᠷᠭᠡ ᠣᠯᠠᠨ ᠲᠠᠯ᠎ᠠ ᠶᠢ ᠬᠠᠮᠤᠷᠴᠤ᠂ ᠢᠲᠡᠭᠡᠮᠵᠢ ᠶᠢᠨ ᠦᠨᠡᠯᠡᠯᠲᠡ ᠶᠢᠨ ᠶᠠᠪᠤᠴᠠ ᠳᠤ ᠵᠢᠷᠤᠮᠯᠠᠬᠤ ᠶᠣᠰᠣᠲᠠᠢ ᠳᠦᠷᠢᠮ ᠪᠠ ᠠᠩᠬᠠᠷᠬᠤ ᠵᠦᠢᠯᠡᠰ ᠢ ᠲᠣᠳᠣᠷᠬᠠᠶᠢᠯᠠᠵᠤ᠂ ᠠᠵᠤ ᠠᠬᠤᠶᠢᠯᠠᠯ ᠳᠤ ᠪᠣᠳᠠᠲᠠᠢ ᠠᠵᠢᠯ ᠤᠨ ᠳᠤᠮᠳᠠ ᠳᠡᠮᠵᠢᠯᠭᠡ ᠪᠠ ᠬᠠᠪᠰᠤᠷᠤᠯᠭ᠎ᠠ ᠬᠠᠩᠭᠠᠪᠠ᠃ ᠡᠭᠦᠨ ᠤ ᠬᠠᠮᠲᠤ ᠬᠤᠷᠠᠯ ᠤᠨ ᠳᠠᠷᠠᠭ᠎ᠠ ᠪᠣᠯᠪᠠᠰᠤᠷᠠᠭᠤᠯᠤᠯ ᠤᠨ ᠠᠵᠢᠯᠲᠠᠨ ᠤ ᠬᠤᠯᠪᠣᠭᠳᠠᠯ ᠪᠥᠬᠦᠶ ᠠᠰᠠᠭᠤᠳᠠᠯ ᠳᠤ ᠬᠠᠷᠢᠭᠤᠯᠲᠠ ᠥᠭᠪᠡ᠃
37293_700x700.jpg   
    ᠲᠠᠷᠠᠭᠠᠴᠢ ᠶᠢᠨ ᠠᠯᠬᠤᠮ ᠳᠤ᠂ ᠮᠠᠨ ᠤ ᠲᠥᠪ ᠠᠴᠠ ᠵᠢᠵᠢᠭ ᠲᠣᠭᠤᠷᠢᠭ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠠᠮᠢᠶ᠎ᠠ ᠪᠥᠬᠦᠶ ᠲᠠᠯ᠎ᠠ ᠶᠢᠨ ᠪᠣᠯᠪᠠᠰᠤᠷᠠᠭᠤᠯᠤᠯ ᠢ ᠦᠷᠭᠦᠯᠵᠢᠯᠡᠨ ᠥᠷᠨᠢᠭᠦᠯᠵᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠵᠢᠯᠣᠭᠤᠳᠣᠯᠭ᠎ᠠ ᠶᠢ ᠦᠷᠭᠦᠯᠵᠢᠯᠡᠨ ᠴᠢᠩᠭᠠᠳᠬᠠᠵᠤ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠢᠲᠡᠭᠡᠮᠵᠢ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠵᠤ᠂ ᠰᠠᠭᠤᠭᠠᠯᠢ ᠠᠷᠠᠳ ᠲᠤ ᠨᠠᠩ ᠲᠠᠭᠠᠯᠠᠮᠵᠢᠲᠠᠶ᠂ ᠡᠶ᠎ᠡ ᠵᠣᠬᠢᠴᠠᠯ ᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号