ᠼᠦᠢ ᠬᠤᠩ ᠪᠥᠸᠧ᠄ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ  ᠪᠢᠴᠢᠭᠯᠡᠶ᠎ᠡ
ᠨᠡᠶᠢᠲᠡᠯᠡᠭᠰᠡᠨ ᠴᠠᠭ᠄
2024/8/30
    ︽ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠲᠡᠭᠦᠰᠦᠭᠰᠡᠨ ᠤ ᠳᠠᠷᠠᠭ᠎ᠠ ᠬᠤᠷᠠᠯᠳᠤᠭᠤᠯᠤᠭᠰᠠᠨ ᠨᠢᠭᠡ ᠤᠳᠠᠭᠠᠨ ᠤ ᠠᠯᠤᠰ ᠬᠡᠲᠦ ᠶᠢᠨ ᠨᠥᠯᠥᠭᠡ ᠲᠠᠢ᠂ ᠴᠢᠬᠤᠯᠠ ᠶᠡᠭᠡ ᠠᠴᠢ ᠬᠤᠯᠪᠣᠭᠳᠠᠯ ᠲᠠᠢ ᠦᠪᠡᠳᠡᠭᠰᠢ ᠴᠤᠭᠯᠠᠭᠠᠨ ᠮᠥᠨ᠃ ᠪᠦᠬᠦᠳᠡ ᠬᠤᠷᠠᠯ ᠠᠴᠠ᠂ ︿ᠲᠠᠪᠤᠨ ᠶᠡᠭᠡ ᠡᠭᠦᠷᠭᠡ﹀᠎ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︿ᠵᠢᠷᠭᠤᠭᠠᠨ ᠢᠨᠵᠧᠨᠧᠷᠢᠩ﹀ ᠪᠣᠯᠤᠨ ᠮᠠᠨ ᠤ ᠬᠤᠳᠠ ᠶᠢᠨ ︿ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ﹀᠎ ᠢ ᠪᠣᠳᠠᠲᠠᠢ ᠠᠳᠬᠤᠵᠤ᠂ ᠬᠡᠷᠡᠭᠵᠢᠭᠦᠯᠬᠦ ᠲᠥᠰᠦᠯ ᠪᠣᠯᠤᠨ ᠣᠨ ᠤ ᠲᠥᠯᠥᠪᠯᠡᠭᠡ ᠲᠠᠢ ᠬᠠᠷᠢᠴᠠᠭᠤᠯᠤᠨ ᠳᠠᠷᠤᠯᠲᠠ ᠥᠭᠴᠦ ᠬᠦᠴᠦᠯᠡᠨ ᠠᠬᠢᠭᠤᠯᠵᠤ᠂ ᠵᠢᠯ ᠤᠨ ᠡᠴᠦᠰ ᠲᠤ ᠲᠣᠭᠲᠠᠭᠰᠠᠨ ᠬᠤᠭᠤᠴᠠᠭᠠᠨ ᠳᠠᠭᠠᠨ ᠳᠠᠩᠰᠠ ᠮᠡᠳᠡᠭᠦᠯᠵᠦ ᠰᠢᠯᠭᠠᠯᠲᠠ ᠲᠤᠰᠢᠶᠠᠬᠤ ᠶᠢ ᠪᠠᠲᠤᠯᠠᠬᠤ ᠬᠡᠷᠡᠭᠲᠡᠢ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠣᠨᠣᠪᠴᠢᠲᠠᠢ ᠡᠵᠡᠮᠳᠡᠵᠦ᠂ ᠮᠠᠨ ᠤ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾᠎ ᠤᠨ ᠲᠣᠭᠤᠷᠢᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠰᠠᠶᠢᠨ ᠰᠠᠶᠢᠬᠠᠨ ᠪᠠᠶᠢᠳᠠᠯ ᠢ ᠬᠦᠴᠦᠯᠡᠨ ᠪᠠᠲᠤᠯᠠᠵᠤ᠂ ᠪᠣᠭᠤᠮᠲᠠ ᠰᠢᠪᠲᠤᠯᠬᠤ ᠪᠠᠶᠢᠳᠠᠯ ᠢᠶᠠᠷ ᠪᠦᠬᠦ ᠵᠢᠯ ᠤᠨ ᠬᠠᠷᠠᠯᠲᠠ ᠡᠭᠦᠷᠭᠡ ᠪᠠᠨ ᠡᠷᠡᠰ ᠪᠡᠶᠡᠯᠡᠭᠦᠯᠵᠦ᠂ ᠬᠤᠳᠠ ᠶᠢᠨ ᠨᠠᠮ ᠤᠨ ᠬᠤᠷᠢᠶ᠎ᠠ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠣᠯᠤᠨ᠎ᠠ︾ ᠭᠡᠵᠦ ᠬᠡᠯᠡᠪᠡ᠃ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠼᠦᠢ ᠬᠤᠩ ᠪᠥᠸᠧ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠪᠡ᠃    ᠼᠦᠢ ᠬᠤᠩ ᠪᠥᠸᠧ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠳᠲᠡᠷ ᠲᠦᠷᠭᠡᠨ ᠨᠢᠭᠡᠳᠬᠡᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦᠳᠠ ᠬᠤᠷᠠᠯ ᠠᠴᠠ ᠠᠵᠢᠯ ᠳᠤ ᠳᠤᠷᠠᠳᠤᠭᠰᠠᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠬᠠᠷᠭᠤᠭᠤᠯᠵᠤ᠂ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ ᠨᠢᠭᠡ ᠳᠤ᠂ ︽ᠲᠦᠷᠦᠯ ᠵᠦᠢᠯ ᠢᠶᠠᠷ ᠭᠤᠣᠯ ᠪᠣᠯᠭᠠᠬᠤ︾᠎ ᠶᠢ ᠡᠷᠡᠰ ᠭᠤᠶᠢᠪᠢᠰᠢ ᠦᠭᠡᠢ ᠲᠤᠪᠤᠶᠢᠯᠭᠠᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠪᠠᠲᠤᠯᠠᠭ᠎ᠠ᠂ ᠪᠦᠬᠦ ᠴᠠᠭ ᠬᠤᠭᠤᠴᠠᠭᠠᠨ ᠳᠤ ᠤᠨᠢᠨ ᠳᠡᠭᠡᠷ᠎ᠡ ᠨᠢ ᠦᠢᠯᠡᠴᠢᠯᠡᠬᠦ ᠶᠢ ᠴᠢᠩᠭᠠᠳᠬᠠᠵᠤ᠂ ᠪᠡᠭᠡᠵᠢᠩ ᠲᠢᠶᠠᠨᠵᠢᠨ ᠡᡁᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠳᠤ ᠬᠦᠷᠴᠦ ︽ᠴᠡᠭ ᠠᠴᠠ ᠴᠡᠭ ᠲᠤ ᠬᠦᠷᠬᠦ︾ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ ᠥᠷᠨᠢᠭᠦᠯᠵᠦ᠂ BDO ᠳᠤᠤᠷᠠᠳᠤ ᠤᠷᠤᠰᠬᠠᠯ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ᠂ ᠲᠠᠷᠢᠶᠠᠯᠠᠩ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠢ ᠠᠭᠤᠰᠤᠯᠴᠠᠭᠤᠯᠬᠤ ᠵᠡᠷᠭᠡ ᠠᠵᠢᠯ ᠤᠨ ᠲᠣᠭᠤᠷᠢᠨ ᠳᠤ ᠭᠤᠣᠯ ᠰᠡᠳᠦᠪ ᠢᠶᠠᠷ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠪᠦᠬᠦ ᠵᠢᠯ ᠳᠤ 85 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 25%᠎ ᠪᠠᠷ ᠨᠡᠮᠡᠭᠳᠡᠬᠦ ᠶᠢ ᠴᠢᠷᠮᠠᠶᠢᠨ ᠪᠡᠶᠡᠯᠡᠭᠦᠯᠦᠨ᠎ᠡ ᠭᠡᠵᠡᠢ᠃ ᠬᠤᠶᠠᠷ ᠲᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠦᠴᠦᠲᠡᠢ ᠠᠬᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠴᠢᠩ ᠲᠤᠤ ᠡᠶᠡᠷᠭᠦ ᠲᠦᠢᠯ ᠤᠨ ᠮᠠᠲ᠋ᠧᠷᠢᠶᠠᠯ᠂ ᠢ ᠯᠢ ᠮᠣᠯᠢᠪᠳᠧᠨ ᠤ ᠴᠠᠬᠢᠯᠭᠠᠨ ᠬᠥᠳᠡᠯᠭᠡᠭᠦᠷᠲᠦ ᠠᠭᠤᠷᠬᠠᠢ ᠶᠢᠨ ᠺᠠᠷᠲ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠭᠤᠷᠪᠠ ᠳᠤ᠂ ᠦᠵᠡᠰᠬᠦᠯᠡᠩᠲᠦ ᠰᠠᠶᠢᠬᠠᠨ ᠬᠠᠶᠢᠷᠤᠪ ᠤᠨ ᠲᠣᠬᠤᠢ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠢᠮᠠᠭᠲᠠ ᠴᠢᠩᠭ᠎ᠠ ᠪᠣᠳᠠᠲᠠᠶ ᠪᠠᠶᠢᠬᠤ ᠶᠢ ᠪᠠᠷᠢᠮᠲᠠᠯᠠᠵᠤ᠂ ︽ᠳᠣᠯᠤᠭ᠎ᠠ ᠶᠢ ᠵᠠᠰᠠᠬᠤ︾ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠭᠠᠳᠠᠭᠰᠢ ᠭᠠᠷᠬᠤ ᠶᠢ ᠦᠷᠭᠦᠯᠵᠢᠯᠡᠨ ᠬᠡᠷᠡᠭᠵᠢᠭᠦᠯᠵᠦ᠂ ᠣᠽᠣᠨ ᠤ ᠥᠳᠬᠡᠴᠡ ᠶᠢ ᠴᠢᠩᠭ᠎ᠠ ᠬᠢᠵᠠᠭᠠᠷᠯᠠᠨ᠎ᠠ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠷᠥᠯ ᠵᠦᠢᠯ ᠢ ᠵᠢᠯ ᠤᠨ ᠳᠣᠲᠣᠷ᠎ᠠ ᠪᠦᠬᠦ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ PM-2.5 ᠵᠢᠯ ᠤᠨ ᠳᠤᠮᠳᠠᠴᠢ ᠥᠳᠬᠡᠴᠡ ᠶᠢᠨ ᠲᠣᠭᠲᠠᠭᠤᠨ ᠢᠶᠠᠷ ᠪᠠᠭᠤᠷᠠᠬᠤ ᠶᠢ ᠦᠨᠡᠨᠬᠦ ᠪᠠᠲᠤᠯᠠᠨ᠎ᠠ᠃ ᠳᠥᠷᠪᠡ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ 2024 ᠣᠨ ᠤ 51 ᠬᠠᠭᠤᠴᠢᠨ ᠵᠢᠵᠢᠭ ᠲᠣᠭᠤᠷᠢᠭ ᠤᠨ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠲᠦᠷᠦᠯ ᠵᠦᠢᠯ ᠢ ᠯᠠᠪᠳᠠᠭᠤᠨ ᠪᠠᠲᠤᠲᠠᠢ ᠠᠬᠢᠭᠤᠯᠤᠨ᠎ᠠ︔ ᠰᠢᠨ ᠢ ᠯᠢᠨ ᠵᠠᠬ᠎ᠠ ᠳᠡᠯᠭᠡᠭᠦᠷ ᠤᠨ ᠵᠢᠯ ᠤᠨ ᠳᠣᠲᠣᠷ᠎ᠠ ᠠᠵᠢᠯ ᠢᠶᠠᠨ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠨᠡᠩ ᠤᠯᠠᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠤᠨ ᠠᠪᠴᠢᠷᠠᠵᠤ᠂ ᠵᠠᠬ᠎ᠠ ᠳᠡᠯᠭᠡᠭᠦᠷ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠬᠤᠳᠠ ᠶᠢᠨ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠪᠠ ᠬᠠᠷᠢᠶᠠᠯᠠᠭᠳᠠᠬᠤ ᠲᠦᠷᠦᠭᠳᠡᠯ ᠢ ᠳᠡᠭᠡᠭᠰᠢᠯᠡᠭᠦᠯᠦᠨ᠎ᠡ᠃ ᠲᠠᠪᠤ ᠳᠤ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠶᠢ ᠢᠮᠠᠭᠲᠠ ᠲᠤᠤᠱᠯᠠᠭᠤᠯᠵᠤ᠂ ᠬᠤᠳᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ᠂ ᠵᠠᠰᠠᠯᠲᠠ ᠶᠢ ᠠᠭᠤᠰᠤᠯᠴᠠᠭᠤᠯᠬᠤ ᠲᠦᠪᠰᠢᠨ ᠢ ᠳᠡᠭᠡᠭᠰᠢᠯᠡᠭᠦᠯᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠠᠶᠢᠷᠤᠪ ᠤᠨ ᠲᠤᠬᠤᠢ ᠶᠢᠨ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号